ᠲᠠᠶᠢᠹᠦᠰᠧ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠴᠢᠨᠠᠷᠲᠠᠢ ᠭᠤᠣᠯ ᠰᠡᠳᠦᠪᠲᠦ ᠠᠩᠬᠢ ᠶᠢᠨ ᠡᠳᠦᠷ ᠤᠨ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2023/5/17
 ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠨ᠂ ᠥᠷᠭᠡᠨ ᠣᠯᠠᠨ ᠵᠠᠯᠠᠭᠤᠴᠤᠳ ᠪᠠᠭᠠᠴᠤᠳ ᠢ  ᠵᠢᠯᠤᠭᠤᠳᠤᠨ ᠬᠠᠷᠠᠬᠠᠨ ᠪᠠᠭ᠎ᠠ ᠠᠴᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠦᠯᠦᠭᠡ᠂ 5 ᠰᠠᠷ᠎ᠠ ᠶᠢᠨ 16 ᠤ ᠡᠳᠦᠷ᠂  ᠲᠠᠶᠢᠹᠤᠰᠧ ᠬᠤᠰᠢᠭᠤᠨ ᠤ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠵᠥᠪᠯᠡᠯ᠂ ᠬᠤᠶᠠᠳᠤᠭᠠᠷ ᠪᠠᠭ᠎ᠠ ᠰᠤᠷᠭᠠᠭᠤᠯᠢ ᠨᠢ ᠬᠠᠮᠲᠤ ᠪᠠᠷ ︽ᠪᠢ ᠪᠣᠯ ᠵᠢᠵᠢᠭᠬᠡᠨ ᠠᠨᠠᠷ ᠤᠨ ᠦᠷ᠎ᠡ︾ — ᠲᠠᠶᠢᠹᠤᠰᠧ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠴᠢᠨᠠᠷᠲᠠᠢ ᠭᠤᠣᠯ ᠰᠡᠳᠦᠪᠲᠦ ᠠᠩᠭᠢ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠤᠪᠢᠰᠬᠠᠯᠳᠤ ᠦᠷᠡᠭᠳᠡᠭᠰᠡᠨ ᠪᠠᠭᠠᠲᠤᠷᠴᠤᠳ ᠤᠨ ᠤᠩᠭᠤᠨ ᠤ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ᠲᠠᠶᠢᠯᠪᠤᠷᠢᠯᠠᠭᠴᠢ ᠠᠴᠠ ᠦᠵᠡᠭᠦᠯᠦᠯᠭᠡ ᠶᠢᠨ ᠲᠢᠩᠬᠢᠮ ᠳᠠᠬᠢ ᠬᠡᠷᠡᠯ ᠵᠢᠷᠤᠭ᠂ ᠥᠰᠥᠭ ᠪᠢᠴᠢᠭ ᠪᠠ ᠡᠳ᠋ ᠪᠣᠳᠠᠰ ᠤᠳ ᠤᠨ ᠲᠤᠬᠠᠢ ᠶᠠᠷᠢᠵᠤ ᠲᠠᠶᠢᠯᠪᠤᠷᠢᠯᠠᠬᠤ ᠶᠢ ᠰᠤᠨᠤᠰᠤᠭᠰᠠᠨ ᠪᠠᠶᠢᠯ᠎ᠠ᠃ ᠳᠠᠷᠠᠭ᠎ᠠ   ᠪᠠᠷ ᠨᠢ᠂ ᠬᠤᠰᠢᠭᠤᠴᠢ ᠠᠩᠭᠢ ᠶᠢᠨ ᠭᠡᠰᠢᠭᠦᠳ ᠴᠡᠷᠢᠭ ᠠᠴᠠ ᠬᠠᠯᠠᠭᠳᠠᠭᠰᠠᠳ ᠨᠠᠰᠤᠳᠠᠨ ᠼᠦᠢ ᠹᠧᠩ ᠱᠠᠨ ᠤ ᠳᠡᠷᠭᠡᠳᠡ ᠲᠣᠭᠤᠷᠢᠨ ᠰᠠᠭᠤᠵᠤ᠂ ᠠᠬᠠᠮᠠᠳ ᠪᠠᠶᠢᠯᠳᠤᠭᠴᠢ ᠶᠢᠨ ᠲᠠᠶᠢᠨ ᠪᠠᠶᠢᠯᠳᠤᠭᠠᠨ ᠳᠤ ᠤᠷᠤᠯᠴᠠᠭᠰᠠᠨ ᠦᠯᠢᠭᠡᠷ ᠢ ᠨᠢ ᠰᠣᠨᠣᠰᠴᠤ᠂ ᠠᠬᠠᠮᠠᠳ ᠨᠠᠮ ᠤᠨ ᠭᠡᠰᠢᠭᠦᠨ ᠤ ᠬᠠᠷᠠᠮ ᠦᠭᠡᠢ ᠵᠣᠷᠢᠭᠤᠯᠬᠤ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠵᠠᠢ᠃ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠳᠤᠮᠳᠠ᠂ ᠬᠤᠰᠢᠭᠤᠴᠢ ᠠᠩᠬᠢ ᠶᠢᠨ ᠭᠡᠰᠢᠭᠦᠳ ᠨᠢᠮᠪᠠᠢ ᠰᠡᠳᠬᠢᠨ ᠢᠳᠡᠪᠬᠢᠲᠡᠢ ᠬᠠᠷᠢᠭᠤᠯᠵᠤ᠂  ᠨᠠᠮ ᠤᠨ ᠦᠨᠳᠦᠰᠦᠲᠡᠨ ᠤ ᠤᠨᠤᠯ ᠪᠣᠯᠣᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠬᠠᠮᠲᠤᠪᠠᠷ ᠰᠤᠷᠤᠯᠴᠠᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤᠪᠠᠷ ᠪᠦᠯᠬᠦᠮᠳᠡᠨ ᠲᠡᠮᠡᠴᠡᠵᠦ ᠬᠠᠮᠲᠤᠪᠠᠷ ᠴᠡᠴᠡᠭᠯᠡᠨ ᠬᠥᠭᠵᠢᠪᠡᠯ ᠰᠠᠶ᠋ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠵᠦ ᠴᠢᠳᠠᠨ᠎ᠠ ᠭᠡᠳᠡᠭ ᠲᠤ ᠤᠯᠠᠮ ᠬᠦᠨ  ᠤᠶᠢᠯᠠᠭᠠᠯᠳᠠ ᠲᠠᠢ ᠪᠤᠯᠵᠠᠢ᠃ ᠡᠨᠡ  ᠤᠳᠠᠭᠠᠨ ᠤ ᠠᠵᠢᠯᠯᠠᠭ᠎ᠠ ᠪᠠᠷ  ᠲᠠᠮᠵᠢᠭᠠᠳ᠂  ᠬᠤᠰᠢᠭᠤᠴᠢ ᠠᠩᠬᠢ ᠶᠢᠨ ᠭᠡᠰᠢᠭᠦᠳ ᠤᠨ ᠦᠨᠳᠦᠰᠦᠲᠡᠨ ᠤ ᠪᠦᠯᠬᠦᠮᠳᠡᠯ ᠤᠨ ᠲᠤᠬᠠᠢ  ᠮᠡᠳᠡᠯᠭᠡ ᠶᠢ  ᠨᠡᠮᠡᠭᠳᠡᠬᠦᠯᠦᠨ᠂  ᠦᠨᠳᠦᠰᠦᠳᠡᠨ ᠤ ᠪᠦᠯᠬᠦᠮᠳᠡᠯ ᠤᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠭᠤᠯᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠨᠡᠮᠡᠭᠳᠡᠬᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠭᠰᠠᠨ ᠪᠠᠶᠢᠨ᠎ᠠ᠃  ᠠᠵᠢᠯᠯᠠᠭ᠎ᠠ ᠳᠤ ᠤᠷᠤᠯᠴᠠᠭᠰᠠᠨ ᠬᠤᠰᠢᠭᠤᠴᠢ ᠠᠩᠬᠢ ᠶᠢᠨ ᠬᠡᠰᠢᠬᠦᠳ ︽ᠨᠠᠮ ᠤᠨ   ᠢᠶᠠᠨ ᠦᠭᠡ ᠶᠢ ᠰᠣᠨᠣᠰᠴᠤ᠂ ᠨᠠᠮ ᠤᠨ ᠢᠶᠠᠨ ᠠᠴᠢ ᠶᠢ ᠴᠡᠭᠡᠵᠢᠯᠡᠨ᠂ ᠨᠠᠮ ᠢᠶᠠᠨ ᠡᠬᠦᠷᠢᠳᠡ ᠲᠠᠭᠠᠵᠤ᠂  ᠬᠢᠴᠢᠶᠡᠯ ᠰᠤᠷᠤᠯᠭ᠎ᠠ ᠳᠠᠭᠠᠨ ᠰᠢᠮᠳᠠᠨ᠂ ᠰᠢᠨ᠎ᠡ ᠡᠷᠡᠨ ᠤ ᠰᠢᠯᠢᠳᠡᠭ ᠪᠠᠭᠠᠴᠤᠳ ᠪᠣᠯᠬᠤ ᠪᠠᠷ ᠴᠢᠷᠮᠠᠶᠢᠨ᠎ᠠ︾  ᠬᠡᠮᠡᠨ ᠵᠤᠷᠢᠭ ᠢᠶᠠᠨ ᠢᠯᠡᠳᠬᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号