ᠤᠷᠤᠨ ᠤ ᠲᠤᠰᠬᠠᠢ ᠮᠡᠷᠭᠡᠵᠢᠯᠳᠡᠨ ᠴᠢᠶᠠᠨ ᠶᠢᠨ ᠭᠧᠦ ᠪᠠᠯᠭᠠᠰᠤᠨ ᠳᠤ ᠬᠦᠨᠵᠡᠬᠡᠶᠢᠷᠡᠵᠦ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2023/5/17
  5  ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠵᠣᠷᠯᠣᠩ ᠤᠨ ᠥᠭᠡᠷᠡᠴᠢᠯᠡᠯᠲᠡ︾ ᠶᠢᠨ ᠲᠤᠰᠬᠠᠢ ᠮᠡᠷᠭᠡᠵᠢᠯᠲᠡᠨ ᠸᠠᠩ ᠼᠦᠨ ᠰᠢᠨ ᠫᠷᠣᠹᠧᠰᠰᠣᠷ ᠴᠢᠶᠠᠨ ᠶᠢᠨ ᠭᠸᠦ ᠪᠠᠯᠭᠠᠰᠤᠨ ᠳᠤ  ᠬᠦᠨᠵᠡᠬᠡᠶᠢᠷᠡᠵᠦ᠂ ᠬᠥᠳᠡᠭᠡ ᠲᠣᠰᠬᠤᠨ ᠤ ︽ᠵᠣᠷᠯᠣᠩ ᠤᠨ ᠦᠭᠡᠷᠡᠴᠢᠯᠡᠯᠳᠡ︾  ᠶᠢᠨ ᠲᠤᠬᠠᠢ ᠰᠢᠨᠵᠢᠯᠡᠨ ᠪᠠᠶᠢᠴᠠᠭᠠᠵᠤ ᠵᠢᠭᠠᠨ ᠵᠢᠯᠤᠭᠤᠳᠴᠠᠢ᠃ ᠸᠠᠩ ᠼᠦᠨ ᠰᠢᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠳᠡᠳ᠋ ᠳᠠᠷᠤᠭ᠎ᠠ ᠵᠠᠩ ᠵᠢᠶᠠᠨ ᠵᠢᠶᠦ᠋ᠨ᠂  ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶᠠᠨ ᠤ ᠤᠳᠤᠷᠢᠳᠬᠤ ᠪᠠᠭ ᠤᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ᠂ ᠴᠠᠪ ᠨᠠᠭᠤᠷ ᠲᠣᠰᠬᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠤ ︽ᠵᠣᠷᠯᠣᠩ ᠤᠨ ᠦᠬᠡᠷᠡᠴᠢᠯᠡᠯᠳᠡ︾   ᠶᠢᠨ ᠲᠤᠬᠠᠢ ᠪᠠᠶᠢᠴᠠᠭᠠᠨ ᠵᠢᠯᠣᠭᠤᠳᠪᠠ᠃ ᠳ᠋ᠠ ᠭᠧ ᠳ᠋ᠦᠩ ᠲᠣᠰᠬᠤᠨ ᠳᠤ  ᠬᠦᠷᠦᠭᠡᠳ᠂  ᠤᠰᠤᠨ ᠵᠣᠷᠯᠣᠩ᠂ ᠬᠠᠭᠤᠷᠠᠢ ᠵᠣᠷᠯᠣᠩ ᠤᠨ ᠪᠦᠲᠦᠭᠡᠨ ᠪᠠᠶᠢᠭᠤᠯᠤᠯᠲᠠ ᠪᠠ ᠠᠰᠢᠭᠯᠠᠯᠳᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠯᠠᠨ ᠲᠦᠮᠡᠨ ᠤ ᠠᠰᠢᠭ ᠬᠦᠷᠳᠡᠮᠵᠢ᠂  ᠬᠠᠨᠤᠮᠵᠢ ᠶᠢᠨ ᠬᠡᠮᠵᠢᠶ᠎ᠡ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠠᠰᠠᠭᠤᠨ ᠯᠠᠪᠯᠠᠭᠰᠠᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠤᠳᠤᠷᠢᠳᠤᠯᠭ᠎ᠠ᠂ ᠪᠠᠯᠭᠠᠰᠤ ᠲᠣᠰᠬᠤᠨ ᠤ ᠺᠠᠳ᠋ᠷᠴᠤᠳ ᠲᠠᠢ  ᠵᠣᠷᠯᠣᠩ ᠤᠨ ᠦᠬᠡᠷᠡᠴᠢᠯᠡᠯᠳᠡ ᠶᠢᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃ ᠴᠠᠪ ᠨᠠᠭᠤᠷ ᠲᠣᠰᠬᠤᠨ ᠳᠤ ᠬᠦᠷᠦᠭᠡᠳ᠂  ᠡᠷᠦᠬᠡ ᠶᠢᠨ ᠵᠤᠷᠯᠤᠩ ᠤᠨ ᠬᠥᠯᠳᠡᠬᠦ ᠠᠴᠠ ᠰᠡᠷᠭᠡᠶᠢᠯᠡᠬᠦ ᠲᠦᠬᠦᠭᠡᠷᠦᠮᠵᠢ ᠶᠢᠨ ᠤᠭᠰᠠᠷᠠᠵᠤ  ᠭᠡᠷᠡᠭᠯᠡᠭᠰᠡᠨ ᠪᠠᠶᠢᠳᠠᠯ ᠢ ᠤᠶᠢᠯᠠᠭᠠᠵᠤ᠂ ᠲᠥᠬᠦᠭᠡᠷᠦᠮᠵᠢ ᠶᠢᠨ ᠦᠨ᠎ᠡ ᠦᠷᠳᠡᠭ᠂ ᠰᠢᠢᠳᠪᠦᠷᠢᠯᠡᠬᠦ ᠤᠷ᠎ᠠ ᠮᠡᠷᠭᠡᠵᠢᠯ ᠪᠠ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠲᠤᠳᠤᠷᠬᠠᠢ ᠠᠰᠠᠭᠤᠨ ᠯᠠᠪᠯᠠᠭᠰᠠᠨ ᠤ ᠬᠠᠮᠲᠤ᠂ ᠪᠠᠯᠭᠠᠰᠤ ᠲᠣᠰᠬᠤᠨ ᠤ ᠺᠠᠳ᠋ᠷ ᠯᠤᠭ᠎ᠠ  ᠰᠠᠨᠠᠯ ᠪᠤᠳᠤᠯ ᠪᠠ  ᠠᠷᠭ᠎ᠠ ᠲᠤᠷᠰᠢᠯᠭ᠎ᠠ ᠪᠠᠨ ᠰᠤᠯᠢᠯᠴᠠᠭᠰᠠᠨ ᠪᠠᠶᠢᠨ᠎ᠠ᠃ ᠪᠠᠶᠢᠴᠠᠭᠠᠨ ᠵᠢᠯᠤᠭᠤᠳᠬᠤ ᠶᠠᠪᠤᠴᠠ ᠳᠤ᠂ ᠸᠠᠩ ᠼᠦᠨ ᠰᠢᠨ  ᠲᠠᠶᠢᠹᠤᠰᠧ ᠬᠤᠰᠢᠭᠤᠨ ᠤ  ︽ᠵᠣᠷᠯᠣᠩ ᠤᠨ ᠦᠬᠡᠷᠡᠴᠢᠯᠡᠯᠳᠡ︾ ᠶᠢᠨ ᠠᠵᠢᠯ ᠢ ᠯᠠᠪᠳᠠᠭᠤᠨ ᠢᠶᠠᠷ ᠠᠬᠢᠭᠤᠯᠤᠭᠰᠠᠨ ᠢ ᠨᠤᠲᠠᠯᠠᠵᠤ ᠂ ᠵᠠᠷᠢᠮ ᠮᠡᠷᠭᠡᠵᠢᠯ ᠤᠨ ᠠᠰᠠᠭᠤᠳᠠᠯ ᠳᠤ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠦᠭᠡᠳ ᠵᠤᠷᠯᠤᠩ ᠤᠨ ᠦᠬᠡᠷᠡᠴᠢᠯᠡᠯᠳᠡ ᠶᠢᠨ ᠶᠠᠪᠤᠴᠠ ᠶᠢ ᠳᠦᠷᠢᠮᠵᠢᠭᠦᠯᠵᠦ᠂ ᠪᠠᠷᠢᠮᠵᠢᠶ᠎ᠠ ᠶᠢ ᠴᠢᠩᠳᠠᠯᠠᠨ᠂  ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠤᠭᠤᠳᠴᠤ ᠪᠠᠶᠢᠭᠠᠳ᠂ ︽ᠨᠢᠭᠡ ᠶᠢ ᠪᠠᠶᠢᠭᠤᠯᠪᠠᠯ ᠨᠢᠭᠡ ᠶᠢ ᠭᠡᠷᠡᠭᠯᠡᠬᠦ  ︾ ᠶᠢ ᠪᠠᠳᠤᠯᠠᠨ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号