ᠴᠢᠶᠠᠨ ᠶᠢᠨ ᠭᠧᠦ ᠪᠠᠯᠭᠠᠰᠤᠨ ᠤ ᠲᠸᠦ ᠬᠤᠤ ᠲᠣᠰᠬᠤᠨ ᠦᠨᠳᠦᠰᠦᠲᠡᠨ ᠤ ᠪᠦᠯᠬᠦᠮᠳᠡᠯ ᠤᠨ ᠵᠢᠷᠭᠠᠯᠲᠤ ᠲᠣᠰᠬᠤᠨ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/5/17
  ᠣᠶᠢᠷ᠎ᠠ ᠶᠢᠨ ᠵᠢᠯ ᠳᠤ᠂ ᠴᠢᠶᠠᠨ ᠶᠢᠨ ᠭᠧᠦ ᠪᠠᠯᠭᠠᠰᠤᠨ ᠤ ᠲᠸᠦ ᠬᠤᠤ ᠲᠣᠰᠬᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠤᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾  ᠭᠤᠣᠯ ᠰᠢᠵᠢᠮ ᠢ ᠪᠠᠷᠢᠮᠳᠠᠯᠠᠨ᠂ ᠨᠠᠮ ᠤᠨ ᠪᠠᠶᠢᠭᠤᠯᠤᠯᠲᠠ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠶᠢᠴᠢᠯᠠᠨ ᠬᠥᠭᠵᠢᠭᠦᠯᠬᠦ᠂ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠬᠤ ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠴᠢᠳᠠᠪᠬᠢ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠲᠠᠮᠵᠢᠭᠠᠳ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠭᠦᠨᠵᠡᠭᠡᠢ ᠠᠬᠢᠭᠤᠯᠵᠤ᠂ ᠪᠦᠬᠦ ᠲᠣᠰᠬᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠢ ᠪᠠᠳᠤᠯᠠᠵᠤ ᠪᠠᠶᠢᠨ᠎ᠠ᠃   ᠭᠠᠭᠴᠠ ᠬᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠳ ᠨᠢᠬᠡᠪᠦᠷᠢ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠲᠤᠭ  ᠪᠤᠯᠤᠮᠠᠨᠵᠢᠨ ᠰᠠᠶ᠋ᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ ᠴᠢᠳᠠᠨ᠎ᠠ᠃  ᠲᠸᠦ ᠬᠤᠤ ᠲᠣᠰᠬᠤᠨ ᠤ ᠨᠠᠮ ᠤᠨ ᠡᠭᠦᠷ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ︾ ᠭᠤᠣᠯ ᠰᠢᠵᠢᠮ ᠢ ᠴᠠᠭ ᠢᠮᠠᠭᠳᠠ ᠪᠠᠲᠤ ᠡᠵᠡᠮᠰᠢᠵᠦ᠂ ︽ᠨᠠᠮ ᠤᠨ ᠪᠠᠶᠢᠭᠤᠯᠤᠯᠲᠠ ᠶᠢ ᠠᠳᠬᠤᠵᠤ ᠠᠷᠠᠳ ᠤᠨ ᠰᠡᠳᠬᠢᠯ ᠢ ᠨᠢᠭᠲᠠᠷᠠᠭᠤᠯᠬᠤ᠂ ᠦᠢᠯᠡᠴᠢᠯᠡᠭᠡ ᠶᠢ ᠴᠢᠩᠭᠠᠳᠬᠠᠨ ᠡᠶ᠎ᠡ ᠵᠣᠬᠢᠴᠠᠯ ᠢ ᠠᠬᠢᠭᠤᠯᠬᠤ᠂ ᠣᠨᠴᠠᠯᠢᠭ ᠢ ᠲᠤᠪᠤᠶᠢᠯᠭᠠᠨ ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠮᠵᠢ ᠲᠠᠢ ᠨᠢᠭᠲᠠ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ ᠠᠵᠢᠯ ᠢᠶᠠᠨ ᠠᠬᠢᠭᠤᠯᠬᠤ ︽ᠡᠷᠳᠡᠨᠢ︾ ᠪᠣᠯᠭᠠᠵᠤ᠂ ᠲᠣᠰᠬᠤᠨ ᠤ ᠨᠠᠮ ᠤᠨ ᠭᠡᠰᠢᠬᠦᠳ ᠤᠨ ᠦᠵᠡᠯ ᠰᠠᠨᠠᠭᠠᠨ ᠤ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠨ᠂ ᠨᠠᠮ ᠤᠨ ᠭᠡᠰᠢᠭᠦᠨ ᠣᠯᠠᠨ ᠲᠦᠮᠡᠨ ᠨᠢᠬᠡᠪᠦᠷᠢ ᠦᠨᠳᠦᠰᠦᠲᠡᠨ ᠤ ᠪᠦᠯᠬᠦᠮᠳᠡᠯ ᠤᠨ ︽ᠤᠬᠠᠭᠤᠯᠤᠭᠴᠢ︾  ᠪᠤᠯᠤᠭᠰᠠᠨ ᠪᠠᠶᠢᠨ᠎ᠠ᠃ ᠠᠵᠤ ᠦᠢᠯᠡᠰ ᠢ ᠬᠥᠭᠵᠢᠭᠦᠯᠬᠦ ᠪᠣᠯ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢᠨ ᠴᠢᠬᠤᠯᠠ ᠭᠠᠷᠳᠠᠴᠠ ᠮᠥᠨ᠃  ᠲᠸᠦ ᠬᠤᠤ ᠲᠣᠰᠬᠤᠨ ᠤ ᠬᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠭᠤᠣᠯ ᠰᠡᠳᠦᠪ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠣᠷᠭᠠᠨᠢᠭ ᠢᠶᠠᠷ ᠵᠣᠯᠭᠠᠭᠤᠯᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ᠂  ᠭᠡᠷᠡᠯ ᠸᠣᠯᠲ ᠤᠨ ᠴᠠᠬᠢᠯᠭᠠᠨ ᠥᠷᠲᠡᠭᠡᠨ ᠤ ᠲᠥᠷᠥᠯ ᠵᠦᠢᠯ ᠢ  ᠪᠠᠶᠢᠭᠤᠯᠤᠭᠠᠳ᠂  ᠬᠠᠮᠲᠤ ᠶᠢᠨ ᠠᠵᠤ ᠠᠬᠤᠢ ᠶᠢᠨ ᠣᠷᠣᠯᠭ᠎ᠠ ᠵᠢᠯ ᠪᠦᠷᠢ 8 ᠠᠴᠠ 10 ᠲᠦᠮᠡᠨ ᠲᠥᠭᠦᠷᠢᠭ ᠲᠤ ᠬᠦᠷᠦᠭᠰᠡᠨ ᠪᠦᠭᠡᠳ ᠲᠥᠮᠥᠰᠥ ᠬᠠᠳᠠᠭᠠᠯᠠᠬᠤ ᠵᠣᠭᠤᠷᠢ ᠵᠢᠴᠢ ᠯᠤᠤᠪᠠᠩ ᠤᠬᠢᠶᠠᠬᠤ ᠦᠢᠯᠡᠳᠪᠦᠷᠢ ᠶᠢᠨ ᠲᠠᠰᠤᠭ ᠢ ᠪᠠᠶᠢᠭᠤᠯᠵᠤ ᠡᠬᠢᠯᠡᠵᠡᠢ᠃  ᠡᠨᠡ   ᠨᠢ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠᠷ ᠪᠠᠷᠠᠬᠤ ᠦᠬᠡᠢ᠂  ᠲᠣᠰᠬᠤᠨ ᠤ ᠰᠤᠯᠠ ᠰᠡᠯᠡᠬᠦᠦ ᠬᠥᠳᠡᠯᠮᠦᠷᠢ  ᠬᠦᠴᠦᠨ ᠢ ᠲᠥᠪᠯᠡᠷᠡᠭᠦᠯᠵᠦ᠂ ᠠᠰᠢᠭ ᠣᠷᠣᠯᠭ᠎ᠠ ᠶᠢ ᠨᠡᠮᠡᠭᠳᠡᠬᠦᠯᠦᠭᠡᠳ᠂ ᠠᠵᠤ ᠦᠢᠯᠡᠰ ᠤᠨ ᠬᠥᠭᠵᠢᠯᠲᠡ ᠪᠣᠯᠣᠨ ᠦᠨᠳᠦᠰᠦᠲᠡᠨ ᠤ ᠪᠦᠯᠬᠦᠮᠳᠡᠯ ᠤᠨ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠬᠤ ᠶᠢ ᠪᠡᠶᠡᠯᠡᠬᠦᠯᠪᠡ᠃ ᠲᠸᠦ ᠬᠤᠤ ᠲᠣᠰᠬᠤᠨ ᠨᠢ ︽ᠨᠤᠲᠤᠭ ᠤᠷᠤᠨ ᠤ ᠰᠣᠶᠣᠯ ᠢᠶᠠᠨ ᠤᠯᠠᠮᠵᠢᠯᠠᠵᠤ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ︾ ᠴᠢᠳᠠᠮᠵᠢ ᠶᠢᠨ ᠪᠠᠶᠢᠷᠢ ᠲᠣᠭᠲᠠᠭᠠᠯᠲᠠ ᠳᠤ  ᠰᠠᠭᠤᠷᠢᠯᠠᠨ᠂ ᠲᠣᠰᠬᠤᠨ ᠤ ᠲᠡᠦᠬᠡ ᠶᠢᠨ ᠣᠷᠳᠣᠨ ᠢ ᠪᠣᠯᠪᠠᠰᠤᠨ ᠤ ᠦᠢᠯᠡᠳᠦᠯᠭᠡ ᠶᠢᠨ ᠴᠢᠬᠤᠯᠠ ᠰᠠᠭᠤᠷᠢᠨ ᠭᠠᠵᠠᠷ ᠪᠤᠯᠭᠠᠭᠰᠠᠨ ᠤ ᠬᠠᠮᠲᠤ᠂ ᠰᠣᠶᠣᠯ ᠢᠶᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠴᠢᠳᠠᠪᠬᠢ ᠶᠢ ᠲᠠᠰᠤᠷᠠᠯᠲᠠ ᠦᠭᠡᠢ  ᠲᠡᠬᠦᠯᠳᠡᠷᠵᠢᠬᠦᠯᠦᠨ᠂  ᠬᠤᠪᠢᠰᠬᠠᠯᠳᠤ ᠵᠠᠩ ᠦᠢᠯᠡ ᠶᠢᠨ ᠵᠢᠭᠤᠯᠴᠢᠯᠠᠯ ᠤᠨ ᠲᠣᠰᠬᠤᠨ᠂ ᠦᠨᠳᠦᠰᠦᠲᠡᠨ ᠤ ᠣᠨᠴᠠᠯᠢᠭᠲᠤ ᠢᠳᠡᠭᠡᠨ ᠤᠮᠳᠠᠭᠠᠨ ᠤᠨ ᠲᠤᠰᠬᠤᠨ᠂  ︽ 3. 8 ᠨᠢᠭᠡᠳᠦᠯ︾ ᠤᠨ ᠵᠢᠭᠤᠯᠴᠢᠯᠠᠯ ᠵᠡᠷᠭᠡ ᠲᠦᠷᠦᠯ ᠵᠦᠢᠯ ᠢ ᠢᠳᠡᠪᠬᠢᠲᠡᠢ ᠬᠥᠭᠵᠢᠭᠦᠯᠵᠦ᠂  ᠠᠮᠲᠠᠲᠤ ᠢᠳᠡᠭᠡᠨ᠂ ᠪᠠᠶᠠᠷ ᠳᠤᠷᠠᠰᠬᠠᠯ ᠵᠡᠷᠭᠡ ᠦᠨᠳᠦᠰᠦᠲᠡᠨ ᠤ ᠤᠯᠠᠮᠵᠢᠯᠠᠯ ᠢ  ᠠᠭᠤᠰᠤᠯᠴᠠᠭᠤᠯᠤᠨ᠂ ᠲᠸᠦ ᠬᠤᠤ ᠲᠤᠰᠬᠤᠨ ᠢᠶᠠᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠵᠢᠱᠢᠶ᠎ᠡ ᠦᠵᠡᠭᠦᠯᠬᠦ ᠣᠷᠣᠨ ᠪᠣᠯᠭᠠᠵᠤ᠂ ︽ᠰᠣᠶᠣᠯ ᠲᠠᠷᠢᠶᠠᠯᠠᠩ ᠵᠢᠭᠤᠯᠴᠢᠯᠠᠯ︾  ᠢ ᠨᠢᠭᠡ ᠴᠣᠭᠴᠠᠵᠢᠭᠤᠯᠤᠭᠰᠠᠨ  ᠬᠥᠭᠵᠢᠯᠲᠡ ᠶᠢᠨ ᠵᠠᠭᠪᠤᠷ ᠢ ᠡᠬᠦᠳᠦᠨ᠂ ᠣᠷᠣᠨ ᠪᠦᠰᠡ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠶᠡᠷᠦᠩᠬᠡᠶᠢᠯᠡᠭᠰᠡᠨ ᠬᠥᠭᠵᠢᠯᠲᠡ ᠶᠢ ᠲᠠᠶᠢᠴᠢᠯᠠᠵᠤ ᠪᠤᠢ᠃  ᠦᠨᠳᠦᠰᠦᠲᠡᠨ ᠤ ᠪᠦᠯᠬᠦᠮᠳᠡᠯ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠰᠠᠶᠢᠨ ᠡᠰᠡᠬᠦ ᠶᠢ ᠦᠵᠡᠬᠦ ᠳᠤ ᠶᠠᠭᠤᠨ ᠤ ᠡᠮᠦᠨ᠎ᠡ ᠲᠣᠰᠬᠤᠨ ᠤ ᠳᠦᠷᠰᠦ ᠪᠠᠶᠢᠳᠠᠯ ᠢ ᠦᠵᠡᠨ᠎ᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ  ᠰᠠᠶᠢᠨ ᠬᠢᠬᠦ ᠪᠤᠯ ᠲᠸᠦ ᠬᠤᠤ ᠲᠣᠰᠬᠤᠨ ᠤ ᠡᠯ᠎ᠡ ᠲᠦᠷᠦᠯ ᠤᠨ ᠠᠵᠢᠯ ᠢᠶᠠᠨ ᠠᠬᠢᠭᠤᠯᠬᠤ ᠴᠢᠬᠤᠯᠠ ᠨᠢᠭᠡ ᠭᠤᠭᠴᠤᠭ᠎ᠠ ᠮᠥᠨ᠃ ᠲᠣᠰᠬᠤᠨ ᠤ ᠨᠠᠮ ᠤᠨ ᠡᠭᠦᠷ ᠨᠢ ︽ᠬᠥᠳᠡᠭᠡ ᠲᠣᠰᠬᠤᠨ ᠭᠤᠶᠣ᠂ ᠬᠦᠷᠢᠶ᠎ᠡ ᠬᠠᠰᠢᠶ᠎ᠠ ᠭᠤᠶᠣ᠂ ᠬᠥᠮᠥᠨ  ᠠᠷᠠᠳ ᠨᠢ ᠨᠠᠩ ᠭᠤᠶᠣ︾ ᠪᠠᠶᠢᠬᠤ ᠶᠢ ᠦᠨᠳᠦᠰᠦᠲᠡᠨ ᠤ ᠪᠦᠯᠬᠦᠮᠳᠡᠯ ᠤᠨ ᠦᠢᠯᠡᠰ ᠢ ᠡᠬᠦᠳᠦᠨ ᠪᠠᠶᠢᠭᠤᠯᠬᠤ ᠶᠢᠨ ᠴᠢᠬᠤᠯᠠ ᠠᠭᠤᠯᠭ᠎ᠠ ᠪᠤᠯᠭᠠᠨ᠂ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠠᠶᠢᠯ ᠲᠣᠰᠬᠤᠨ ᠤ ︽ᠥᠩᠭᠡ ᠵᠢᠰᠦ︾ ᠶᠢ ᠲᠠᠰᠤᠷᠠᠯᠲᠠ ᠦᠭᠡᠢ ᠭᠤᠸᠠᠵᠢᠭᠤᠯᠤᠨ᠂ ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠵᠤ᠂   ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠡᠶ᠎ᠡ ᠵᠣᠬᠢᠴᠠᠩᠭᠤᠢ ᠵᠢᠷᠤᠭ ᠢ  ᠵᠢᠷᠤᠭᠯᠠᠵᠠᠢ᠃    ᠦᠨᠳᠦᠰᠦᠲᠡᠨ ᠤ ᠪᠦᠯᠬᠦᠮᠳᠡᠯ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠪᠠᠷ ᠲᠠᠮᠵᠢᠭᠠᠳ᠂ ᠲᠸᠦ ᠬᠤᠤ ᠲᠤᠰᠬᠤᠨ ᠤ ᠨᠠᠮ ᠤᠨ ᠭᠡᠰᠢᠬᠦᠳ ᠤᠨ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠴᠢᠩᠭᠠᠷᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠰᠠᠶᠢᠵᠢᠷᠠᠨ᠂  ᠲᠠᠷᠢᠶᠠᠴᠢᠳ ᠤᠨ ᠠᠰᠢᠭ ᠣᠷᠣᠯᠭ᠎ᠠ ᠨᠡᠮᠡᠭᠳᠡᠵᠦ᠂ ᠭᠠᠴᠠᠭᠠᠨ ᠤ ᠳᠦᠷᠰᠦ ᠪᠠᠶᠢᠳᠠᠯ ᠰᠠᠶᠢᠵᠢᠷᠠᠨ᠂ ᠠᠷᠠᠳ ᠢᠷᠭᠡᠳ ᠤᠨ ᠬᠡᠪ ᠴᠢᠨᠠᠷ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠲᠦᠷᠦᠯ ᠤᠨ ᠦᠢᠯᠡᠰ ᠪᠦᠬᠦ ᠲᠠᠯ᠎ᠠ ᠪᠠᠷ ᠬᠥᠭᠵᠢᠨ ᠳᠠᠪᠰᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠸᠦ ᠬᠤᠤ ᠲᠣᠰᠬᠤᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠢᠨ᠎ᠡ ᠲᠥᠯᠥᠪᠯᠡᠭᠡ︾  ᠶᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠤᠨ ︽ᠰᠢᠨ᠎ᠡ ᠬᠥᠭᠦᠷᠭᠡ︾  ᠶᠢ ᠪᠠᠳᠤ ᠴᠤᠭᠴᠠᠯᠠᠨ᠂ ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠬᠠᠩᠭᠢᠨᠠᠭᠤᠯᠬᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠳᠠᠮᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠳᠤᠮᠳᠠ ᠲᠠᠭᠤᠷᠢᠶᠠᠯ ᠲᠠᠭᠠᠭᠤᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ ᠶᠠᠪᠤᠨᠠᠮ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号