ᠭᠤᠴᠢᠨ ᠭᠤᠷᠪᠠᠳᠤᠭᠠᠷ ᠤᠳᠠᠭᠠᠨ ᠤ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠬᠦᠷᠴᠦ | ᠢᠷᠡᠬᠦ ᠲᠠᠰᠢᠷᠠᠮ ᠳᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ | ᠵᠡᠮᠳᠡᠭᠴᠦᠳ ᠲᠤ ᠦᠢᠯᠡᠴᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 5 | ᠰᠠᠷ᠎ᠠ ᠶᠢᠨ 16 ᠤ ᠡᠳᠦᠷ ᠠᠴᠠ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠬᠤᠰᠢᠭᠤ | ᠡᠮᠨᠡᠯᠭᠡ ᠶᠢᠨ ᠬᠤᠷᠢᠶ᠎ᠠ ᠲᠠᠢ ᠬᠤᠯᠪᠤᠭᠠᠯᠠᠨ᠂ ᠪᠦᠬᠦ ᠬᠤᠰᠢᠭᠤᠨ ᠤ ᠬᠥᠳᠡᠯᠵᠦ ᠪᠠᠷᠢᠬᠤ ᠳᠤ ᠳᠥᠭᠦᠮ ᠦᠭᠡᠢ᠂ | ᠭᠡᠪᠳᠡᠷᠢ ᠳᠤ ᠤᠷᠤᠭᠠᠳ ᠤᠳᠠᠵᠤ ᠪᠠᠶᠢᠭ᠎ᠠ ᠵᠡᠮᠳᠡᠭ ᠬᠦᠮᠦᠰ ᠤᠨ ᠭᠡᠷ ᠲᠤᠨᠢ ᠬᠦᠷᠴᠦ᠂ ᠵᠡᠮᠳᠡᠭ ᠤᠨ ᠲᠡᠰ ᠢ | ᠬᠢᠨᠠᠨ ᠲᠤᠭᠳᠠᠭᠠᠬᠤ ᠦᠢᠯᠡᠴᠢᠯᠡᠭᠡ ᠦᠷᠨᠢᠬᠦᠯᠵᠡᠢ᠃ ᠬᠤᠰᠢᠭᠤ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ | ᠠᠴᠠ ᠣᠨᠣᠰᠢᠯᠠᠭ᠎ᠠ ᠶᠢᠨ ᠪᠢᠴᠢᠭ᠂ ᠡᠮᠨᠡᠯᠭᠡ ᠶᠢᠨ ᠲᠡᠮᠳᠡᠭᠯᠡᠯ ᠵᠡᠷᠭᠡ ᠶᠢ ᠪᠠᠶᠢᠴᠠᠭᠠᠨ ᠦᠵᠡᠬᠦ ᠪᠠ ᠲᠤᠬᠠᠢ ᠶᠢᠨ | ᠲᠠᠯᠠᠪᠤᠷ ᠲᠤ ᠯᠠᠪᠯᠠᠨ ᠣᠨᠣᠰᠢᠯᠠᠬᠤ᠂ ᠵᠡᠮᠳᠡᠭ ᠤᠨ ᠬᠡᠮᠵᠢᠶ᠎ᠡ ᠶᠢ ᠰᠢᠯᠭᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ | ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠬᠢᠨᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠵᠡᠮᠳᠡᠭ ᠤᠨ | ᠲᠠᠰ᠂ ᠲᠥᠷᠥᠯ ᠢᠯᠭᠠᠯ ᠢ ᠬᠢᠨᠠᠨ ᠲᠣᠭᠲᠠᠭᠠᠬᠤ ᠶᠢᠨ ᠬᠠᠮᠲᠤ ᠡᠪᠡᠳᠴᠢᠲᠡᠨ ᠤ ᠪᠣᠳᠠᠲᠠᠢ ᠪᠠᠶᠢᠳᠠᠯ ᠢ ᠦᠨᠳᠦᠰᠦᠯᠡᠨ᠂ | ᠡᠷᠡᠬᠦᠯᠵᠢᠯ ᠤᠨ ᠰᠠᠨᠠᠭᠤᠯᠭ᠎ᠠ ᠪᠠ ᠠᠰᠠᠷᠠᠮᠵᠢ ᠰᠤᠪᠢᠯᠠᠯᠲᠠ ᠶᠢᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ | ᠵᠡᠮᠳᠡᠭᠴᠦᠳ ᠤᠨ ᠬᠤᠯᠪᠤᠭᠠᠨ ᠤ ᠠᠵᠢᠯᠲᠠᠳ ᠵᠡᠮᠳᠡᠭᠴᠦᠳ ᠤᠨ ᠭᠡᠷ ᠪᠦᠯᠢ ᠶᠢᠨ ᠬᠢᠨ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠵᠡᠮᠳᠡᠭᠴᠦᠳ ᠤᠨ ᠠᠮᠢᠳᠤᠷᠠᠯ ᠪᠠ ᠡᠷᠡᠭᠦᠯᠵᠢᠯ ᠤᠨ ᠬᠡᠷᠡᠭᠴᠡᠭᠡ ᠶᠢ ᠣᠶᠢᠯᠠᠭᠠᠨ᠂ ᠡᠯ᠎ᠡ ᠲᠦᠷᠦᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠠᠢ ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ | ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠤᠯᠪᠤᠭᠠᠯᠠᠨ᠂ ᠣᠶᠢᠯᠠᠭᠠᠨ ᠪᠠᠶᠢᠴᠠᠭᠠᠬᠤ ᠡᠷᠴᠢᠮ ᠢᠶᠠᠨ ᠤᠯᠠᠮ ᠴᠢᠩᠭᠠᠷᠠᠭᠤᠯᠵᠤ᠂ ᠠᠷᠠᠳ ᠲᠦᠮᠡᠨ ᠳᠤ | ᠦᠢᠯᠡᠴᠢᠯᠡᠬᠦ ᠠᠷᠭ᠎ᠠ ᠬᠡᠯᠪᠡᠷᠢ ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ᠶᠢ ᠰᠠᠶᠢᠳᠤᠷ ᠨᠠᠶᠢᠳᠠᠪᠤᠷᠢᠵᠢᠭᠤᠯᠤᠨ᠂ ᠨᠡᠶᠢᠭᠡᠮ ᠤᠨ ᠬᠠᠶᠢᠷ᠎ᠠ ᠬᠠᠯᠠᠮᠵᠢ ᠶᠢ ᠵᠡᠮᠳᠡᠭᠴᠦᠳ ᠲᠤ ᠦᠨᠡᠨᠬᠦ ᠬᠦᠷᠳᠡᠭᠡᠬᠦ | ᠪᠠᠷ ᠪᠠᠶᠢᠨ᠎ᠠ᠃ |