5 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤ ᠨᠠᠮ ᠵᠠᠰᠠᠭ ᠤᠨ | ᠠᠯᠪᠠᠯᠠᠬᠤ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠵᠡᠢ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠣᠣ | ᠬᠠᠢ ᠯᠢ ᠪᠤᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠪᠥᠬᠦ ᠬᠤᠰᠢᠭᠤᠨ ᠤ ᠨᠠᠮ | ᠵᠠᠰᠠᠭ ᠤᠨ ᠠᠯᠪᠠᠯᠠᠬᠤ ᠰᠢᠰᠲ᠋ᠧᠮ ᠤᠨ ᠬᠢᠨ ᠡᠨᠡ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ | ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠨ᠂ ᠠᠵᠢᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠤᠯᠤᠰ | ᠲᠥᠷᠥ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠰᠤᠷᠤᠯᠴᠠᠬᠤ ᠤᠬᠠᠮᠰᠠᠷ | ᠂ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠡᠯ᠎ᠡ ᠲᠦᠷᠦᠯ ᠤᠨ | ᠠᠵᠢᠯ ᠢᠶᠠᠨ ᠰᠠᠶᠢᠲᠤᠷ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠪᠤᠯᠪᠠᠰᠤᠷᠠᠯ ᠳᠤ᠂ ᠠᠶᠢᠮᠠᠭ ᠤᠨ | ᠨᠠᠮ ᠤᠨ ᠬᠤᠷᠢᠶᠠᠨ ᠤ ᠠᠯᠪᠠᠨ ᠭᠡᠷ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠰᠤᠳᠤᠯᠬᠤ ᠲᠠᠰᠤᠭ᠂ | ᠠᠶᠢᠮᠠᠭ ᠤᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠶᠢᠨ ᠭᠤᠣᠯᠯᠠᠭᠴᠢ ᠠᠵᠢᠯᠳᠠᠨ ᠢ ᠤᠷᠢᠵᠤ ᠂ ᠠᠯᠪᠠᠨ ᠪᠢᠴᠢᠭ᠂ ᠬᠤᠷᠠᠯ ᠤᠨ ᠶᠠᠪᠤᠳᠠᠯ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠂ ᠨᠢᠭᠤᠴᠠ ᠶᠢ | ᠬᠠᠮᠠᠭᠠᠯᠠᠬᠤ᠂ ᠠᠯᠪᠠᠨ ᠶᠣᠰᠣᠯᠠᠯ ᠵᠡᠷᠭᠡ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠪᠣᠯᠪᠠᠰᠤᠷᠠᠯ ᠬᠢᠵᠦ᠂ | ᠮᠠᠰᠢ ᠴᠢᠩᠭ᠎ᠠ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠪᠠ ᠵᠢᠯᠤᠭᠤᠳᠤᠯᠭᠠᠳᠤ ᠴᠢᠨᠠᠷᠳᠠᠢ ᠬᠢᠴᠢᠶᠡᠯ | ᠪᠤᠯᠪᠠᠰᠤᠷᠠᠯ ᠪᠤᠯᠵᠠᠢ᠃ ᠬᠤᠰᠢᠭᠤᠨ ᠤ ᠳᠥᠷᠪᠡᠨ ᠶᠡᠭᠡ ᠪᠠᠭ ᠤᠨ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ | ᠵᠢᠴᠢ ᠬᠠᠮᠢᠶ᠎ᠠ ᠪᠦᠬᠦᠢ ᠠᠵᠢᠯᠲᠠᠨ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠠᠮᠢᠶ᠎ᠠ | ᠪᠦᠬᠦᠢ ᠠᠵᠢᠯᠲᠠᠨ ᠨᠡᠶᠢᠲᠡ 211 ᠬᠥᠮᠥᠨ ᠪᠣᠯᠪᠠᠰᠤᠷᠠᠯ ᠳᠤ ᠤᠷᠤᠯᠴᠠᠪᠠ᠃ |