ᠲᠠᠶᠢᠹᠤᠰᠧ ᠬᠤᠰᠢᠭᠤᠨ ᠤ  ᠬᠢᠨ 39 ᠲᠦᠮᠡᠨ ᠮᠦ ᠲᠥᠮᠥᠰᠥ ᠲᠠᠷᠢᠯ᠎ᠠ
ᠨᠡᠶᠢᠲᠡᠯᠡᠭᠰᠡᠨ ᠴᠠᠭ᠄
2023/5/18
    ᠲᠠᠶᠢᠹᠤᠰᠧ ᠬᠤᠰᠢᠭᠤᠨ ᠤ ᠲᠦᠮᠦᠰᠦ ᠲᠠᠷᠢᠬᠤ ᠠᠵᠢᠯ ᠨᠢ ᠵᠢᠯ ᠪᠦᠷᠢ ᠪᠠᠷᠤᠭ 4 ᠰᠠᠷ᠎ᠠ ᠶᠢᠨ ᠬᠤᠷᠢᠳ ᠠᠴᠠ ᠡᠬᠢᠯᠡᠵᠦ 5 ᠰᠠᠷ᠎ᠠ ᠶᠢᠨ ᠬᠤᠷᠢᠳ ᠢᠶᠠᠷ ᠲᠠᠭᠤᠰᠳᠠᠭ᠃  ᠰᠠᠷ᠎ᠠ ᠤᠷᠴᠢᠮ ᠤᠨ ᠬᠤᠭᠤᠴᠠᠭᠠᠨ ᠳᠤ᠂  ᠬᠤᠰᠢᠭᠤᠨ  ᠤ ᠲᠠᠷᠢᠶᠠᠯᠠᠩ ᠤᠨ ᠮᠡᠷᠭᠡᠵᠢᠯ ᠤᠨ ᠰᠠᠯᠠᠭ᠎ᠠ ᠮᠥᠴᠢᠷ ᠤᠨ ᠬᠢᠨ ᠺᠠᠳ᠋ᠷ ᠠᠵᠢᠯᠳᠠᠳ ᠢᠶᠠᠨ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠤᠯᠭ᠎ᠠ ᠬᠢᠬᠦ ᠶᠢᠨ ᠬᠠᠮᠲᠤ ᠲᠤᠬᠠᠢ ᠶᠢᠨ ᠭᠠᠵᠠᠷ ᠤᠨ ᠬᠥᠷᠥᠰᠥ ᠰᠢᠷᠣᠢ᠂ ᠠᠭᠤᠷ ᠠᠮᠢᠰᠬᠤᠯ ᠤᠨ ᠨᠥᠬᠦᠴᠡᠯ ᠲᠠᠢ ᠤᠶᠠᠯᠳᠤᠭᠤᠯᠵᠤ᠂ ᠤᠯᠠᠨ ᠲᠦᠮᠡᠨ ᠢ  ᠵᠢᠯᠤᠭᠤᠳᠤᠨ ᠸᠧ ᠲᠦ᠋᠂ ᠰᠢᠤᠸᠠᠢ ᠴᠤᠸᠠᠨ ᠬᠤᠩ᠂ ᠰᠢ ᠰᠧᠨ ᠵᠡᠷᠭᠡ ᠭᠠᠷᠤᠯᠲᠠ ᠶᠡᠬᠡᠳᠡᠢ ᠴᠢᠨᠠᠷ ᠰᠠᠶᠢᠲᠠᠢ ᠲᠦᠮᠦᠰᠦᠨ ᠤ ᠲᠦᠷᠦᠯ ᠢ ᠲᠠᠷᠢᠭᠤᠯᠳᠠᠭ ᠪᠠᠶᠢᠨ᠎ᠠ᠃  ᠲᠤᠰ ᠬᠤᠰᠢᠭᠤ ᠨᠢ ᠲᠦᠮᠦᠰᠦᠨ ᠤ ᠠᠵᠤ ᠦᠢᠯᠡᠰ ᠢ ᠪᠥᠬᠦ ᠬᠤᠰᠢᠭᠤᠨ ᠤ ᠲᠠᠷᠢᠶᠠᠯᠠᠩ ᠤᠨ ᠭᠤᠣᠯᠯᠠᠬᠤ ᠠᠵᠤ ᠦᠢᠯᠡᠰ ᠤᠨ ᠨᠢᠭᠡ ᠪᠣᠯᠭᠠᠵᠤ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ᠂ ᠪᠣᠬᠢᠷᠲᠤᠯ ᠦᠭᠡᠢ ᠴᠢᠨᠠᠷ ᠰᠠᠶᠢᠲᠠᠢ ᠠᠰᠢᠭ ᠶᠡᠬᠡᠳᠡᠢ ᠵᠢᠱᠢᠶ᠎ᠡ ᠦᠵᠡᠭᠦᠯᠬᠦ ᠲᠦᠷᠦᠯ ᠵᠦᠢᠯ᠂ ᠴᠢᠬᠤᠯᠠ ᠶᠡᠭᠡ ᠬᠠᠮᠵᠢᠯᠴᠠᠭᠠᠨ ᠤ ᠲᠥᠷᠥᠯ ᠵᠦᠢᠯ ᠤᠨ ᠲᠤᠯᠭᠠᠭᠤᠷᠢᠯᠠᠯ ᠳᠤ ᠲᠦᠰᠢᠭᠯᠡᠨ᠂ ᠲᠠᠷᠢᠮᠠᠯ ᠤᠨ ᠲᠦᠷᠦᠯ ᠢ ᠰᠢᠯᠢᠳᠡᠭᠵᠢᠬᠦᠯᠬᠦ  ᠂  ᠲᠠᠷᠢᠶᠠᠯᠠᠭ᠎ᠠ ᠶᠢᠨ ᠮᠡᠷᠭᠡᠵᠢᠯ ᠢ ᠳᠡᠭᠡᠭᠰᠢᠯᠡᠭᠦᠯᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠬᠤ ᠵᠡᠷᠭᠡ ᠠᠷᠭ᠎ᠠ ᠪᠠᠷᠢᠯ ᠢᠶᠠᠷ ᠲᠠᠮᠵᠢᠭᠠᠳ᠂ ᠲᠥᠮᠥᠰᠥ ᠳᠠᠷᠢᠬᠤ ᠠᠵᠤ ᠦᠢᠯᠡᠰ ᠤᠨ ᠬᠡᠪᠴᠢᠶᠡᠵᠢᠨ ᠬᠥᠭᠵᠢᠬᠦ ᠶᠢ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ  ᠨᠡᠮᠡᠭᠳᠡᠬᠦᠯᠦᠨ᠂ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠬᠦᠯᠵᠡᠢ᠃ ᠡᠨᠡ ᠵᠢᠯ᠂ ᠪᠥᠬᠦ ᠬᠤᠰᠢᠭᠤᠨ ᠤ  ᠲᠥᠮᠥᠰᠥ ᠳᠠᠷᠢᠬᠤ ᠲᠠᠯᠠᠪᠠᠶ 39 ᠲᠦᠮᠡᠨ ᠮᠦ ᠣᠷᠴᠢᠮ ᠪᠠᠶᠢᠵᠤ᠂  ᠵᠢᠱᠢᠯᠲᠡ ᠪᠠᠷ ᠶᠡᠷᠦᠩᠬᠡᠢ ᠤᠨᠠᠯᠲᠠ ᠨᠢ ᠪᠠᠷᠤᠭ 150 ᠭᠠᠷᠤᠢ ᠲᠦᠮᠡᠨ ᠲᠣᠨ ᠳᠤ ᠬᠦᠷᠬᠦ ᠪᠣᠯᠣᠨ᠎ᠠ᠃ ᠣᠳᠣᠬᠠᠨ ᠳᠤ᠂ ᠪᠥᠬᠦ ᠬᠤᠰᠢᠭᠤᠨ ᠤ ᠲᠥᠮᠥᠰᠥ ᠳᠠᠷᠢᠬᠤ ᠠᠵᠢᠯ ᠰᠢᠪᠲᠤᠷᠭᠠᠨ ᠳᠠᠭᠠᠨ ᠤᠷᠤᠭᠠᠳ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号