ᠲᠠᠶᠢᠹᠤᠰᠧ ᠬᠤᠰᠢᠭᠤ ᠬᠦᠨᠳᠦ ᠶᠡᠭᠡ ᠠᠳᠡᠯ ᠤᠨ ᠲᠠᠯᠳᠠ ᠬᠡᠮ ᠰᠣᠭᠤᠭ ᠢ ᠲᠤᠰᠬᠠᠢ ᠪᠠᠶᠢᠴᠠᠭᠠᠨ ᠴᠡᠭᠴᠡᠯᠡᠬᠦ ᠠᠵᠢᠯ ᠤᠨ ᠲᠠᠶᠢᠴᠢᠯᠠᠯᠳᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/5/18
   5 ᠰᠠᠷ᠎ᠠ ᠶᠢᠨ 17 ᠤ ᠡᠳᠦᠷ᠂ ᠲᠠᠶᠢᠹᠤᠰᠧ ᠬᠤᠰᠢᠭᠤ 2023 ᠤᠨ ᠤ ᠬᠦᠨᠳᠦ ᠶᠡᠭᠡ ᠠᠳᠡᠯ ᠤᠨ ᠲᠠᠯᠳᠠ ᠬᠡᠮ ᠢ ᠲᠤᠰᠬᠠᠢ ᠪᠠᠶᠢᠴᠠᠭᠠᠨ ᠴᠡᠭᠴᠡᠯᠡᠬᠦ ᠠᠵᠢᠯᠯᠠᠭᠠᠨ ᠤ ᠳᠠᠶᠢᠴᠢᠯᠠᠯᠲᠠ ᠶᠢᠨ ᠶᠡᠭᠡ ᠬᠤᠷᠠᠯ ᠵᠢᠴᠢ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ 5 ᠳ᠋ᠤᠭᠠᠷ ᠤᠳᠠᠭᠠᠨ ᠤ ᠲᠣᠭᠲᠠᠮᠠᠯ ᠬᠤᠷᠠᠯ ᠪᠠ ᠭᠠᠯ ᠰᠡᠷᠭᠡᠶᠢᠯᠡᠬᠦ ᠵᠥᠪᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂   ᠶᠢᠨ ᠶᠦᠩ ᠾᠧ ᠬᠤᠷᠠᠯ ᠢ ᠡᠷᠬᠢᠯᠡᠨ᠂ ᠰᠦᠨ ᠶᠠᠨ᠂ ᠴᠢᠨ ᠢ ᠬᠤᠷᠠᠯ ᠳᠤ ᠣᠷᠣᠯᠴᠠᠵᠠᠢ᠃ ᠬᠤᠷᠠᠯ ᠠᠴᠠ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠬᠢᠨ ᠪᠠᠶᠢᠴᠠᠭᠠᠨ ᠴᠡᠭᠴᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠳᠤᠳᠬᠠᠨ᠂ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠡᠯ᠎ᠡ ᠲᠥᠷᠥᠯ ᠤᠨ ᠤᠰᠤᠯ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠭᠠᠯ ᠤᠨᠲᠠᠷᠠᠭᠠᠬᠤ᠂ ᠰᠤᠷᠭᠠᠭᠤᠯᠢ ᠶᠢᠨ ᠬᠦᠷᠢᠶ᠎ᠡ᠂  ᠨᠠᠰᠤᠳᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ᠂ ᠵᠠᠮ ᠬᠠᠷᠢᠯᠴᠠᠭ᠎ᠠ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠢᠳᠡᠭᠡᠨ ᠤ ᠠᠷᠢᠭᠤᠨ ᠴᠡᠪᠡᠷ᠂ ᠣᠨᠴᠠ ᠲᠥᠷᠥᠯ ᠤᠨ ᠲᠥᠬᠦᠭᠡᠷᠦᠮᠵᠢ᠂ ᠰᠢᠨ᠎ᠡ ᠪᠠᠷ  ᠮᠠᠨᠳᠤᠭᠰᠠᠨ ᠠᠵᠢᠯ ᠲᠥᠷᠥᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠤᠰᠤᠯ ᠠᠳᠡᠯ ᠤᠨ ᠳᠠᠯᠳᠠ ᠬᠡᠮ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠬᠦ ᠠᠵᠢᠯ ᠢ ᠴᠢᠩᠭ᠎ᠠ ᠮᠦᠷᠳᠡᠭᠡᠨ ᠨᠠᠷᠢᠯᠢᠭ ᠥᠷᠨᠢᠭᠦᠯᠵᠦ᠂ ᠣᠯᠠᠨ ᠨᠡᠶᠢᠲᠡ ᠶᠢᠨ ᠲᠠᠯᠠᠪᠤᠷ᠂ ᠪᠠᠶᠢᠭᠠᠯᠢ ᠶᠢᠨ ᠭᠠᠮᠰᠢᠭ ᠵᠡᠷᠭᠡ ᠭᠤᠣᠯᠳᠠᠯᠭ᠎ᠠ ᠲᠠᠢ  ᠲᠠᠯ᠎ᠠ ᠳᠤ ᠴᠢᠭᠯᠡᠭᠦᠯᠦᠨ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ  ᠂ ᠠᠮᠤᠷ ᠲᠦᠪᠰᠢᠨ ᠤ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠬᠤᠯᠪᠤᠭᠳᠠᠯ ᠪᠦᠬᠦᠢ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ ᠢ  ᠲᠡᠭᠡᠭᠰᠢᠯᠡᠬᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠠᠪᠴᠤ ᠪᠠᠶᠢᠭᠠᠳ ᠠᠰᠠᠭᠤᠳᠠᠯ ᠢ ᠦᠨᠡᠨᠬᠦ ᠰᠢᠢᠳᠪᠦᠷᠢᠯᠡᠵᠦ᠂  ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠡᠩ ᠠᠮᠤᠷ ᠲᠦᠪᠰᠢᠨ ᠣᠷᠴᠢᠨ ᠨᠦᠬᠦᠴᠡᠯ ᠢ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ﹇4.18﹈  ᠤ ᠭᠠᠯ ᠤᠨ ᠭᠠᠮᠰᠢᠭ ᠠᠴᠠ ᠰᠤᠷᠭᠠᠮᠵᠢ ᠠᠪᠴᠤ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠴᠢᠮ ᠮᠡᠳᠡᠭᠳᠡᠯ︾  ᠢ ᠤᠯᠠᠮᠵᠢᠯᠠᠨ ᠰᠤᠷᠤᠯᠴᠠᠵᠤ᠂ ᠪᠦᠭᠦ ᠬᠤᠰᠢᠭᠤᠨ ᠤ ᠭᠠᠯ ᠰᠡᠷᠭᠡᠶᠢᠯᠡᠯᠳᠡ ᠶᠢᠨ ᠠᠮᠤᠷ ᠲᠦᠪᠰᠢᠨ ᠤ ᠪᠠᠶᠢᠳᠠᠯ ᠢ ᠵᠠᠳᠠᠯᠤᠭᠰᠠᠨ ᠮᠡᠳᠡᠭᠦᠯᠦᠯᠲᠡ᠂  ᠣᠷᠣᠨ ᠠᠶᠢᠮᠠᠭ  ᠬᠤᠶᠠᠷ ᠱᠠᠲᠤᠨ ᠤ ᠬᠢᠨᠠᠨ ᠵᠢᠯᠤᠭᠤᠳᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ᠂ ᠬᠤᠰᠢᠭᠤᠨ ᠤ ᠭᠠᠯ ᠰᠡᠷᠭᠡᠶᠢᠯᠡᠬᠦ ᠵᠥᠪᠯᠡᠯ ᠤᠨ ᠭᠡᠰᠢᠬᠦᠨ ᠨᠢᠭᠡᠴᠡ ᠶᠢᠨ ᠠᠵᠢᠯ ᠡᠭᠦᠷᠭᠡ ᠬᠤᠪᠢᠶᠠᠷᠢᠯᠠᠭᠰᠠᠨ ᠪᠠᠶᠢᠳᠠᠯ ᠢ ᠨᠡᠶᠢᠲᠡᠯᠡᠨ ᠮᠡᠳᠡᠭᠳᠡᠪᠡ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号