ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ | ᠲᠦᠷᠦᠯ ᠤᠨ ᠠᠵᠢᠯ ᠢ ᠴᠢᠨᠠᠭᠰᠢᠳᠠ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 17 ᠤ ᠡᠳᠦᠷ ᠯᠥᠸᠧ ᠲᠦᠸᠧ | ᠱᠠᠨ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ | ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ | ︽ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠭᠤᠷᠢᠨ ᠦᠵᠡᠵᠦ | ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠤᠨ ᠪᠡᠯᠡᠳᠬᠡᠯ ᠲᠦᠰᠦᠪ ︾ ᠢ ᠭᠤᠣᠯᠳᠠᠯᠭ᠎ᠠ ᠲᠠᠢ | ᠲᠠᠶᠢᠯᠪᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠬᠦ ︽ᠡᠷᠬᠢᠨ ᠬᠠᠷᠠᠬᠤ︾ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠬᠤᠶᠠᠷ ᠲᠠᠯ᠎ᠠ ᠶᠢᠨ ᠲᠣᠭᠤᠷᠢᠨ ᠳᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠤᠨ ᠡᠯ᠎ᠡ ᠲᠦᠷᠦᠯ ᠤᠨ ᠪᠡᠯᠡᠳᠬᠡᠯ | ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠵᠠᠢ᠃ ᠬᠤᠷᠠᠯ ᠠᠴᠠ ᠂ ᠡᠯ᠎ᠡ ᠲᠣᠰᠬᠤᠨ ᠤ ᠬᠢᠨ | ᠲᠤᠷᠰᠢᠯᠭ᠎ᠠ ᠰᠤᠯᠢᠯᠴᠠᠬᠤ ᠬᠤᠷᠠᠯ ᠢ ᠲᠡᠷᠢᠭᠦᠨ ᠤ ᠬᠢ ᠲᠠᠢ ᠬᠠᠷᠢᠴᠠᠭᠤᠯᠵᠤ ᠵᠥᠷᠢᠶ᠎ᠡ ᠪᠠᠨ ᠡᠷᠢᠬᠦ᠂ ᠠᠰᠠᠭᠤᠳᠠᠯ ᠤᠨ | ᠲᠣᠭᠤᠷᠢᠨ ᠳᠤ ᠳᠤᠲᠠᠭᠤᠳᠠᠯ ᠢᠶᠠᠨ ᠨᠥᠬᠦᠪᠦᠷᠢᠯᠡᠬᠦ ᠠᠰᠢᠭᠲᠠᠢ ᠠᠵᠠ ᠲᠣᠬᠢᠶᠠᠯ ᠪᠤᠯᠭᠠᠨ᠂ ᠨᠡᠩ ᠲᠡᠭᠦᠰ ᠲᠡᠭᠦᠯᠳᠡᠷ | ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠦᠷ᠎ᠡ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ᠂ ᠨᠡᠩ | ᠪᠣᠳᠠᠲᠠᠢ ᠶᠢ ᠡᠷᠬᠢᠮᠯᠡᠭᠰᠡᠨ ᠠᠵᠢᠯ ᠤᠨ ᠭᠡᠪ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠭᠦᠨᠵᠡᠭᠡᠢ ᠮᠦᠷᠳᠡᠭᠡᠨ ᠪᠣᠳᠠᠲᠠᠢ | ᠬᠢᠵᠦ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠂ ᠦᠨᠡᠨ ᠪᠣᠳᠠᠲᠠᠢ ᠠᠵᠢᠯᠯᠠᠵᠤ ᠂ ᠲᠤᠷᠰᠢᠯᠭ᠎ᠠ | ᠰᠤᠯᠢᠯᠴᠠᠬᠤ ᠠᠵᠢᠯ ᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ |