5 ᠰᠠᠷ᠎ᠠ ᠶᠢᠨ 15 ᠤ ᠡᠳᠦᠷ ᠂ ᠬᠦᠨᠪᠤᠯᠠᠭ ᠰᠤᠮᠤ ᠨᠢ ︽ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ︾ | ᠤᠨ ᠬᠤᠪᠢ ᠬᠤᠷᠠᠮᠳᠤᠭᠤᠯᠬᠤ ᠳᠦᠷᠢᠮ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠤᠮᠤᠨ ᠤ | ᠤᠳᠤᠷᠢᠳᠬᠤ ᠪᠠᠭ ᠤᠨ ᠭᠡᠰᠢᠬᠦᠳ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ | ᠬᠤᠷᠠᠯ ᠳᠤ ᠤᠷᠤᠯᠴᠠᠵᠠᠢ᠃ ᠬᠤᠷᠠᠯ ᠠᠴᠠ᠂ ︽ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ︾ ᠤᠨ ᠬᠤᠪᠢ | ᠬᠤᠷᠠᠮᠳᠤᠭᠤᠯᠬᠤ ᠳᠦᠷᠢᠮ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠠᠬᠢᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢ ᠪᠠᠶᠢᠭᠤᠯᠬᠤ ᠪᠦᠲᠦᠮᠵᠢᠲᠡᠢ | ᠠᠴᠢᠶᠠᠯᠠᠪᠤᠷᠢ ᠮᠥᠨ᠃ ᠡᠯ᠎ᠡ ᠭᠠᠴᠠᠭ᠎ᠠ ᠨᠢ ᠤᠬᠠᠭᠤᠯᠭ᠎ᠠ ᠵᠢᠯᠭᠤᠳᠤᠯᠭᠠ ᠪᠠᠨ ᠴᠢᠩᠭᠠᠳᠬᠠᠵᠤ᠂ ᠸᠢᠴᠠᠲ | ᠬᠤᠯᠪᠤᠭ᠎ᠠ᠂ ᠷᠠᠳᠢᠣ᠋ ᠨᠡᠪᠲᠡᠷᠡᠭᠦᠯᠭᠡ ᠵᠡᠷᠭᠡ ᠶᠢ ᠭᠦᠢᠴᠡᠳ ᠠᠰᠢᠭᠯᠠᠨ᠂ ᠬᠤᠪᠢ ᠬᠤᠷᠠᠮᠳᠤᠭᠤᠯᠬᠤ ᠳᠦᠷᠢᠮ ᠢ | ᠮᠠᠯᠴᠢᠨ ᠲᠦᠮᠡᠨ ᠳᠤ ᠭᠦᠨᠵᠡᠭᠡᠢ ᠣᠶᠢᠯᠠᠭᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠣᠷᠣᠯᠴᠠᠬᠤ | ᠬᠡᠮᠵᠢᠶ᠎ᠡ ᠶᠢ ᠳᠡᠭᠡᠭᠰᠢᠯᠡᠭᠦᠯᠦᠨ᠂ ᠬᠤᠪᠢ ᠬᠤᠷᠠᠮᠳᠤᠭᠤᠯᠬᠤ ᠳᠦᠷᠢᠮ ᠤᠨ ᠪᠦᠲᠦᠮᠵᠢᠲᠡᠢ ᠶᠠᠪᠤᠭᠳᠠᠬᠤ ᠶᠢ ᠠᠬᠢᠭᠤᠯᠬᠤ | ᠬᠡᠷᠡᠭᠲᠡᠢ᠃ ᠭᠠᠴᠠᠭᠠᠨ ᠵᠥᠪᠯᠡᠯ ᠨᠢ ᠬᠡᠷᠡᠭᠵᠢᠭᠦᠯᠬᠦ ᠭᠤᠣᠯ ᠴᠣᠭᠴᠠ ᠪᠤᠯᠵᠤ᠂ ᠨᠢᠭᠡᠳᠦᠭᠡᠷ ᠱᠦᠵᠢ ᠨᠠᠷ ᠪᠦᠬᠦ | ᠶᠠᠪᠤᠴᠠ ᠳᠤ ᠤᠷᠤᠯᠴᠠᠨ᠂ ︽ᠬᠤᠶᠠᠷ ᠵᠥᠪᠯᠡᠯ︾ ᠤᠨ ᠬᠢᠨ ᠬᠤᠪᠢ ᠬᠤᠷᠠᠮᠳᠤᠭᠤᠯᠬᠤ ᠳᠦᠷᠢᠮ ᠤᠨ ᠣᠯᠠᠨ | ᠲᠦᠮᠡᠨ ᠤ ᠳᠣᠲᠣᠭᠠᠳᠤ ᠶᠢᠨ ᠬᠥᠳᠡᠯᠭᠡᠭᠦ ᠬᠦᠴᠦᠨ ᠢ ᠬᠥᠭᠵᠢᠭᠡᠬᠦ ᠲᠠᠯ᠎ᠠ ᠪᠠᠷ ᠬᠢ ᠴᠢᠬᠤᠯᠠ ᠦᠢᠯᠡᠳᠦᠯ ᠢ | ᠭᠦᠢᠴᠡᠳ ᠲᠠᠨᠢᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠲᠦᠰᠦᠪ ᠢ ᠲᠣᠭᠲᠠᠭᠠᠨ | ᠲᠡᠭᠦᠯᠳᠡᠷᠵᠢᠭᠦᠯᠵᠦ᠂ ᠬᠤᠪᠢ ᠬᠤᠷᠠᠮᠳᠤᠭᠤᠯᠬᠤ ᠲᠣᠭᠲᠠᠴᠠ ᠶᠢ ᠵᠦᠢ ᠵᠣᠬᠢᠰᠲᠠᠢ ᠪᠠᠶᠢᠷᠢᠯᠠᠭᠤᠯᠬᠤ ᠶᠢᠨ ᠬᠠᠮᠲᠤ᠂ | ᠡᠷᠡᠮᠡᠯᠵᠡᠯᠡᠨ ᠮᠡᠳᠡᠭᠦᠯᠬᠦ᠂ ᠬᠢᠨᠠᠨ ᠬᠠᠷᠭᠤᠭᠤᠯᠬᠤ᠂ ᠦᠨᠡᠯᠡᠨ ᠲᠣᠭᠲᠠᠭᠠᠬᠤ᠂ ᠢᠯᠡ ᠨᠡᠶᠢᠲᠡᠯᠡᠬᠦ᠂ ᠬᠢᠨᠠᠨ | ᠬᠠᠮᠢᠶᠠᠷᠬᠤ ᠵᠡᠷᠭᠡ ᠠᠯᠬᠤᠮ ᠶᠠᠪᠤᠴᠠ ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠬᠡᠷᠡᠭᠲᠡᠢ᠃ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ ᠭᠦᠢᠴᠡᠳ ᠠᠰᠢᠭᠯᠠᠨ ᠂ ︽ᠪᠣᠯᠪᠠᠰᠤᠨ | ᠪᠦᠯᠬᠦᠮᠳᠡᠯᠳᠦ ᠴᠢᠯᠦᠬᠡᠳᠦ ᠳᠡᠯᠭᠡᠭᠦᠷ︾ ᠢ ᠰᠠᠶᠢᠲᠤᠷ ᠪᠠᠶᠢᠭᠤᠯᠵᠤ᠂ ᠡᠵᠡᠩᠨᠡᠯᠳᠡ ᠬᠠᠮᠢᠶᠠᠷᠤᠯᠲᠠ ᠡᠮᠬᠢ | ᠵᠢᠷᠤᠮ ᠲᠠᠢ ᠪᠠᠶᠢᠬᠤ ᠶᠢ ᠪᠠᠲᠤᠯᠠᠨ᠂ ᠬᠤᠪᠢ ᠬᠤᠷᠠᠮᠳᠤᠭᠤᠯᠬᠤ ᠠᠵᠢᠯ ᠤᠨ ᠡᠷᠬᠡ ᠲᠡᠭᠰᠢ ᠲᠥᠪ ᠭᠤᠣᠯᠴᠢ ᠢᠯᠡ | ᠲᠣᠳᠣ ᠪᠠᠶᠢᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |