5 ᠰᠠᠷ᠎ᠠ ᠶᠢᠨ 17 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠ ᠬᠦᠨᠪᠤᠯᠠᠭ | ᠰᠤᠮᠤᠨ ᠤ ᠦᠨᠳᠦᠰᠦᠲᠡᠨ ᠤ ᠪᠦᠯᠬᠦᠮᠳᠡᠯ ᠤᠨ ᠬᠠᠮᠲᠤᠪᠠᠷ ᠪᠠᠶᠢᠭᠤᠯᠬᠤ ᠠᠵᠢᠯ ᠢ ᠠᠬᠢᠭᠤᠯᠬᠤ ᠬᠤᠷᠠᠯ | ᠬᠤᠷᠠᠯᠳᠤᠵᠤ᠂ ᠦᠨᠳᠦᠰᠦᠲᠡᠨ ᠤ ᠪᠦᠯᠬᠦᠮᠳᠡᠯ ᠤᠨ ᠬᠠᠮᠲᠤᠪᠠᠷ ᠪᠠᠶᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠭᠡᠰᠢᠬᠦᠳ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠤᠷᠤᠯᠴᠠᠪᠠ ᠃ | ᠬᠤᠷᠠᠯ ᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠴᠠᠢ ᠸᠧᠨ ᠰᠢᠦᠢ ᠡᠷᠬᠢᠯᠡᠵᠦ᠂ ᠬᠤᠰᠢᠭᠤᠨ ᠤ | ᠦᠨᠳᠦᠰᠦᠲᠡᠨ ᠤ ᠬᠡᠷᠡᠭ ᠡᠷᠭᠢᠯᠡᠭᠦ ᠵᠦᠪᠯᠡᠯ ᠤᠨ ᠨᠠᠮ ᠤᠨ ᠡᠭᠦᠷ ᠤᠨ ᠱᠦᠵᠢ᠂ ᠡᠷᠭᠢᠯᠡᠭᠴᠢ ᠲᠡᠬᠦᠰ ᠤᠷᠢᠯᠭ᠎ᠠ ᠪᠠᠷ | ᠬᠤᠷᠠᠯ ᠳᠤ ᠤᠷᠤᠯᠴᠠᠵᠠᠢ᠃ ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ 2022 ᠣᠨ ᠤ | ᠦᠨᠳᠦᠰᠦᠲᠡᠨ ᠤ ᠪᠦᠯᠬᠦᠮᠳᠡᠯ ᠤᠨ ᠬᠠᠮᠲᠤ ᠪᠠᠷ ᠪᠠᠶᠢᠭᠤᠯᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ | ᠪᠥᠭᠡᠳ 2023 ᠣᠨ ᠤ ᠠᠵᠢᠯ ᠢ ᠪᠠᠶᠢᠷᠢᠯᠠᠭᠤᠯᠤᠭᠰᠠᠨ ᠬᠢᠭᠰᠡᠨ ᠪᠠᠶᠢᠨ᠎ᠠ᠃ ᠤᠷᠬᠢᠯ ᠶᠠᠷᠢᠶᠠᠨ ᠳᠠᠭᠠᠨ᠂ | ᠦᠨᠳᠦᠰᠦᠲᠡᠨ ᠤ ᠪᠦᠯᠬᠦᠮᠳᠡᠯ ᠤᠨ ᠬᠠᠮᠲᠤ ᠪᠠᠷ ᠪᠠᠶᠢᠭᠤᠯᠬᠤ ᠠᠵᠢᠯ ᠤᠨ ᠳᠤᠮᠳᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠤᠯᠭᠠᠨ | ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠢᠨ | ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ | ᠶᠡᠷᠦᠩᠬᠡᠢ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ | ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠨᠠᠮ ᠤᠨ | ᠡᠭᠦᠷ ᠤᠨ ᠬᠠᠮᠲᠤ ᠶᠢᠨ ᠪᠠᠶᠢᠭᠤᠯᠤᠯᠳᠠ ᠳᠤ ᠲᠦᠰᠢᠭᠯᠡᠨ᠂ ᠨᠠᠮ ᠤᠨ ᠭᠡᠰᠢᠭᠦᠨ ᠤᠯᠠᠨ ᠲᠦᠮᠡᠨ ᠢᠶᠠᠷ | ᠲᠥᠯᠥᠭᠡᠯᠡᠭᠴᠢ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ | ᠤᠬᠠᠭᠤᠯᠤᠨ᠂ ︽ᠦᠨᠳᠦᠰᠦᠲᠡᠨ ᠨᠦᠭᠦᠳ ᠨᠢᠭᠡ ᠭᠡᠷ ᠤᠨ ᠬᠢᠨ ᠮᠡᠲᠦ ᠪᠦᠯᠬᠦᠮᠳᠡᠬᠦ︾᠂ ︽ᠣᠯᠠᠨ ᠲᠦᠮᠡᠨ ᠳᠤ | ᠪᠣᠳᠠᠲᠠᠢ ᠠᠵᠢᠯ ᠬᠢᠵᠦ ᠥᠭᠬᠦ︾ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠮᠠᠯᠴᠢᠳ ᠢ ᠬᠠᠪᠰᠤᠷᠤᠨ ᠲᠡᠳᠬᠦᠵᠦ | ᠂ ᠮᠠᠯᠴᠢᠳ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠭᠡᠷᠡᠭᠳᠡᠢ ᠬᠡᠵᠦ ᠴᠢᠬᠤᠯᠠᠴᠢᠯᠠᠪᠠ᠃ ᠪᠠᠶᠢᠴᠠᠭᠠᠬᠤ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠭᠴᠢ ᠳᠠᠷᠤᠭ᠎ᠠ ᠨᠠᠷᠠᠰᠤ ᠰᠤᠮᠤᠨ ᠤ | ᠪᠣᠳᠠᠲᠠᠢ ᠲᠠᠢ ᠤᠶᠠᠯᠳᠤᠭᠤᠯᠤᠨ ᠵᠢᠯᠤᠭᠤᠳᠬᠤ ᠴᠢᠨᠠᠷᠲᠠᠢ ᠰᠠᠨᠠᠭᠤᠯᠭ᠎ᠠ ᠳᠤᠷᠠᠳᠪᠠ᠂ ᠲᠤᠬᠠᠶᠢᠯᠠᠪᠠᠯ᠂ ᠪᠠᠶᠢᠴᠠᠭᠠᠬᠤ | ᠡᠭᠦᠷᠭᠡ ᠴᠢᠳᠠᠪᠤᠷᠢ ᠶᠢ ᠦᠨᠳᠦᠰᠦᠲᠡᠨ ᠤ ᠪᠦᠯᠬᠦᠮᠳᠡᠯ ᠤᠨ ᠬᠠᠮᠲᠤ ᠪᠠᠷ ᠪᠠᠶᠢᠭᠤᠯᠬᠤ ᠠᠵᠢᠯ ᠲᠠᠢ ᠤᠶᠠᠯᠳᠤᠭᠤᠯᠵᠤ᠂ | ᠪᠠᠶᠢᠴᠠᠭᠠᠬᠤ ᠠᠵᠢᠯ ᠤᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠬᠤ ᠭᠡᠷᠡᠭᠳᠡᠢ᠃ ᠪᠠᠶᠢᠴᠠᠭᠠᠬᠤ ᠰᠠᠨᠠᠭᠤᠯᠭ᠎ᠠ ᠶᠢ | ᠠᠰᠢᠭᠯᠠᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ | ᠲᠠᠯᠪᠢᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠵᠦ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ | ᠲᠤᠭᠤᠷᠢᠨ ᠢ ᠬᠠᠮᠠᠭᠠᠯᠠᠬᠤ ᠭᠡᠷᠡᠭᠳᠡᠢ ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ | ᠣᠶᠢᠯᠠᠭᠠᠭᠳᠠᠬᠤᠨ ᠤ ᠰᠢᠨ᠎ᠡ ᠶᠢ ᠡᠬᠦᠳᠦᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠮᠠᠯ ᠠᠵᠤ ᠠᠬᠤᠢ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠠᠷ ᠳᠠᠮᠵᠢᠨ | ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ ᠰᠤᠮᠤᠨ ᠤ ᠢᠷᠡᠭᠡᠳᠦᠢ ᠶᠢᠨ ᠬᠥᠭᠵᠢᠯᠲᠡ ᠶᠢᠨ ᠭᠤᠣᠯᠳᠠᠯᠭ᠎ᠠ ᠶᠢ | ᠠᠳᠬᠤᠨ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠨ ᠬᠢᠬᠦ ᠬᠡᠷᠡᠭᠲᠡᠢ ᠃ ᠪᠠᠶᠢᠴᠠᠭᠠᠬᠤ ᠬᠤᠷᠢᠶᠠᠨ ᠤ | ᠭᠠᠴᠠᠭᠠᠨ ᠳᠤ ᠲᠤᠮᠢᠯᠠᠭᠰᠠᠨ ᠨᠢᠭᠡᠳᠦᠭᠡᠷ ᠱᠦᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠵᠦ᠂ ᠦᠨᠳᠦᠰᠦᠲᠡᠨ ᠤ ᠲᠥᠷᠥ ᠶᠢᠨ | ᠪᠣᠳᠣᠯᠭ᠎ᠠ᠂ ᠬᠠᠤᠯᠢ ᠴᠠᠭᠠᠵᠠ ᠲᠦᠷᠢᠮ ᠲᠣᠭᠲᠠᠭᠠᠯ ᠤᠨ ᠤᠬᠠᠭᠤᠯᠭ᠎ᠠ ᠶᠢ ᠰᠠᠶᠢᠲᠤᠷ ᠬᠢᠵᠦ᠂ ᠠᠮᠢ ᠠᠬᠤᠢ ᠶᠢᠨ | ᠪᠠᠶᠢᠴᠠᠭᠠᠯᠲᠠ ᠶᠢᠨ ᠨᠥᠯᠥᠭᠡᠯᠡᠬᠦ ᠬᠦᠴᠦᠨ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ | ᠲᠡᠭᠡᠷ᠎ᠡ᠂ ᠪᠠᠶᠢᠴᠠᠭᠠᠬᠤ ᠬᠤᠷᠢᠶᠠᠨ ᠤ ᠨᠠᠮ ᠤᠨ ᠡᠭᠦᠷ ᠨᠢ ᠬᠦᠨᠪᠤᠯᠠᠭ ᠰᠤᠮᠤᠨ ᠤ ᠪᠠᠶᠢᠭᠤᠯᠭ᠎ᠠ ᠶᠢᠨ ᠨᠠᠮ ᠤᠨ | ᠡᠭᠦᠷ ᠲᠠᠢ ︽2023 ᠣᠨ ᠤ ᠦᠨᠳᠦᠰᠦᠲᠡᠨ ᠤ ᠪᠦᠯᠬᠦᠮᠳᠡᠯ ᠤᠨ ᠬᠠᠮᠲᠤ ᠪᠠᠷ ᠪᠠᠶᠢᠭᠤᠯᠬᠤ ᠠᠵᠢᠯ ᠤᠨ | ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃ ᠳᠠᠷᠠᠭ᠎ᠠ ᠨᠢ᠂ ᠨᠠᠷᠠᠰᠤ ᠵᠡᠷᠭᠡ | ᠬᠦᠮᠦᠰ ᠰᠢᠨᠠᠪᠤᠯᠠᠭ ᠭᠠᠴᠠᠭᠠᠨ ᠳᠤ ᠬᠦᠷᠴᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ | ᠤᠬᠠᠭᠠᠨᠴᠢ ᠪᠠᠷ ᠮᠠᠯ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ | ᠰᠢᠨᠵᠢᠯᠡᠨ ᠪᠠᠶᠢᠴᠠᠭᠠᠵᠤ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠳᠤᠷᠠᠳᠪᠠ᠃ |