5 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠴᠠᠩᠫᠢᠩ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᡁᠢ ᠰᠢᠶᠠᠨ ᠸᠧᠢ ᠲᠠᠶᠢᠹᠤᠰᠧ | ᠬᠤᠰᠢᠭᠤᠨ ᠳᠤ ᠬᠦᠨᠵᠡᠬᠡᠶᠢᠷᠡᠵᠦ ᠪᠡᠭᠡᠵᠢᠩ ᠮᠣᠩᠭᠤᠯ ᠤᠨ ᠬᠠᠮᠳᠤᠷᠠᠯᠴᠠᠭᠠᠨ ᠤ ᠠᠵᠢᠯ ᠤᠨ ᠲᠤᠬᠠᠢ ᠪᠠᠶᠢᠴᠠᠭᠠᠨ | ᠰᠤᠳᠤᠯᠤᠯᠲᠠ ᠬᠢᠵᠡᠢ᠃ ᠴᠠᠩᠫᠢᠩ ᠲᠣᠭᠤᠷᠢᠭ ᠤᠨ ᠳᠡᠳ᠋ ᠳᠠᠷᠤᠭ᠎ᠠ ᠲᠦᠩ ᠯᠢ ᡁᠢ᠂ ᠠᠶᠢᠮᠠᠭ ᠤᠨ ᠲᠡᠳ᠋ | ᠳᠠᠷᠤᠭ᠎ᠠ ᠶᠠᠩ ᠯᠢ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᡁᠢ ᠰᠢᠶᠠᠨ ᠸᠧᠢ ᠵᠡᠷᠭᠡ ᠬᠦᠮᠦᠰ ᠤᠷᠢᠳ ᠬᠤᠵᠢᠳ ᠺᠠᠢ ᠳ᠋ᠠ ᠲᠥᠮᠥᠰᠥ ᠪᠣᠯᠪᠠᠰᠤᠷᠠᠭᠤᠯᠬᠤ ᠲᠥᠷᠥᠯ ᠵᠦᠢᠯ ᠤᠨ | ᠪᠠᠷᠢᠯᠭ᠎ᠠ ᠶᠢᠨ ᠭᠠᠵᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠴᠢᠶᠠᠨ | ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠤᠰᠬᠤᠨ᠂ ᠪᠤᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠤ | ᠭᠦᠵᠡᠯᠵᠡᠭᠡᠨ᠎ᠡ ᠲᠠᠷᠢᠬᠤ ᠰᠠᠭᠤᠷᠢᠨ ᠭᠠᠵᠠᠷ᠂ ᠲᠠᠶᠢᠹᠤᠰᠧ ᠬᠤᠰᠢᠭᠤᠨ ᠤ ᠤᠯᠤᠰ ᠤᠨ ᠳᠡᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ ᠬᠦᠷᠴᠦ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ | ᠲᠣᠰᠬᠤᠨ ᠤ ᠪᠦᠲᠦᠭᠡᠨ ᠪᠠᠶᠢᠭᠤᠯᠤᠯᠲᠠ᠂ ᠭᠦᠵᠡᠯᠵᠡᠭᠡᠨ᠎ᠡ ᠲᠠᠷᠢᠬᠤ ᠠᠵᠤ ᠦᠢᠯᠡᠰ ᠤᠨ ᠬᠥᠭᠵᠢᠯᠲᠡ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠵᠡᠷᠭᠡ ᠶᠢ ᠪᠠᠶᠢᠴᠠᠭᠠᠨ ᠤᠶᠢᠯᠠᠭᠠᠭᠰᠠᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠲᠦᠩ ᠯᠢ ᡁᠢ᠂ | ᠴᠧᠨ ᠶᠠᠨ ᠪᠦᠦ ᠠᠴᠠ ᠲᠤᠰᠪᠤᠷᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ | ᠪᠠᠶᠢᠳᠠᠯ ᠢᠶᠠᠨ ᠬᠠᠷᠢᠭᠤ ᠮᠡᠳᠡᠭᠦᠯᠪᠡ᠃ ᡁᠢ ᠰᠢᠶᠠᠨ ᠸᠧᠢ ᠵᠢᠭᠠᠵᠤ ᠭᠠᠷᠭᠠᠬᠤ ᠳᠠᠭᠠᠨ᠂ ᠴᠠᠩᠫᠢᠩ ᠲᠣᠭᠤᠷᠢᠭ ᠤᠨ | ᠬᠢᠨ ᠲᠠᠶᠢᠹᠤᠰᠧ ᠬᠤᠰᠢᠭᠤ ᠲᠠᠢ ᠬᠠᠷᠢᠯᠴᠠᠭ᠎ᠠ ᠪᠠᠶᠢᠭᠤᠯᠤᠭᠰᠠᠨ ᠠᠴᠠ ᠨᠠᠰᠢ᠂ ᠬᠤᠶᠠᠷ ᠭᠠᠵᠠᠷ ᠤᠨ ᠬᠢᠨ | ᠢᠳᠡᠪᠬᠢᠲᠡᠢ ᠪᠠᠷ ᠰᠠᠨᠠᠯ ᠪᠤᠳᠤᠯ ᠢᠶᠠᠨ ᠰᠣᠯᠢᠯᠴᠠᠵᠤ᠂ ᠮᠠᠰᠢ ᠰᠠᠶᠢᠨ ᠠᠵᠢᠯ ᠤᠨ ᠦᠷ᠎ᠡ ᠪᠦᠲᠦᠮᠵᠢ ᠣᠯᠵᠠᠢ᠃ | ᠳᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠤᠨ ᠬᠢᠨ ᠬᠠᠮᠲᠤᠷᠠᠯᠴᠠᠭᠠᠨ ᠤ ᠲᠣᠭᠲᠠᠴᠠ ᠪᠠᠨ ᠦᠷᠭᠦᠯᠵᠢᠯᠡᠨ | ᠲᠡᠭᠦᠯᠳᠡᠷᠵᠢᠭᠦᠯᠵᠦ᠂ ᠬᠠᠮᠳᠤᠷᠠᠯᠴᠠᠭᠠᠨ ᠤ ᠠᠵᠢᠯ ᠤᠨ ᠡᠷᠴᠢᠮ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ | ᠪᠠᠭᠤᠷᠠᠭᠤᠯᠬᠤ ᠦᠭᠡᠢ ᠪᠠᠶᠢᠵᠤ᠂ ᠴᠡᠪᠡᠷ ᠡᠨᠧᠷᠭᠢ᠂ ᠰᠣᠶᠣᠯ ᠵᠢᠭᠤᠯᠴᠢᠯᠠᠯ᠂ ᠤᠳᠤ ᠦᠶ᠎ᠡ ᠶᠢᠨ ᠬᠥᠳᠡᠭᠡ ᠠᠵᠤ | ᠠᠬᠤᠢ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠶᠢᠭᠡᠮ ᠨᠡᠶᠢᠳᠡ ᠶᠢᠨ | ᠤᠷᠤᠯᠴᠠᠯᠭ᠎ᠠ ᠶᠢ ᠳᠠᠶᠢᠴᠢᠯᠠᠬᠤ᠂ ᠰᠣᠯᠢᠯᠴᠠᠭ᠎ᠠ ᠠᠭᠤᠰᠤᠯᠴᠠᠯ ᠤᠨ ᠰᠢᠨ᠎ᠡ ᠪᠠᠶᠢᠳᠠᠯ ᠢ ᠨᠡᠭᠡᠭᠡᠬᠦ ᠳᠡᠭᠡᠷ᠎ᠡ ᠬᠦᠴᠦ | ᠲᠠᠯᠪᠢᠵᠤ᠂ ᠬᠠᠮᠳᠤᠷᠠᠯᠴᠠᠭᠠᠨ ᠤ ᠠᠵᠢᠯ ᠤᠨ ᠬᠦᠷᠢᠶ᠎ᠡ ᠴᠠᠷᠠᠭ᠎ᠠ ᠶᠢ ᠦᠷᠭᠡᠳᠭᠡᠨ᠂ ᠦᠢᠯᠡᠳᠪᠦᠷᠢᠯᠡᠯ | ᠪᠣᠷᠤᠯᠠᠭᠤᠯᠭ᠎ᠠ ᠶᠢᠨ ᠬᠠᠮᠳᠤᠷᠠᠯᠴᠠᠭᠠᠨ ᠤ ᠰᠢᠨ᠎ᠡ ᠪᠠᠶᠢᠳᠠᠯ ᠢ ᠪᠡᠶᠡᠯᠡᠭᠦᠯᠬᠦ ᠪᠠᠷ ᠴᠢᠷᠮᠠᠶᠢᠨ᠎ᠠ ᠬᠡᠵᠡᠢ᠃ ᠶᠠᠩ ᠯᠢ | ᠴᠠᠩᠫᠢᠩ ᠲᠣᠭᠤᠷᠢᠭ ᠤᠨ ᠤᠷᠳᠤ ᠬᠤᠭᠤᠴᠠᠭᠠᠨ ᠤ ᠲᠤᠷᠰᠢ ᠲᠠᠶᠢᠹᠤᠰᠧ ᠬᠤᠰᠢᠭᠤᠨ ᠳᠤ ᠦᠵᠡᠭᠦᠯᠦᠭᠰᠡᠨ | ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠤ ᠬᠠᠮᠳᠤ᠂ ᠬᠤᠶᠠᠷ ᠭᠠᠵᠠᠷ ᠤᠨ ᠬᠢᠨ | ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠬᠦᠯᠵᠢᠯᠡᠨ ᠴᠢᠩᠭᠠᠳᠬᠠᠵᠤ᠂ ᠬᠥᠭᠵᠢᠯᠲᠡ ᠶᠢᠨ ᠳᠤᠲᠠᠭᠤᠳᠠᠯ ᠳᠤ | ᠠᠩᠬᠠᠷᠤᠯ ᠢᠶᠠᠨ ᠲᠦᠪᠯᠡᠷᠡᠬᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠰᠣᠶᠣᠯ | ᠵᠢᠭᠤᠯᠴᠢᠯᠠᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ | ᠬᠠᠮᠳᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃ ᠬᠤᠷᠠᠯ ᠳᠡᠭᠡᠷ᠎ᠡ᠂ | ᠴᠠᠩᠫᠢᠩ ᠲᠣᠭᠤᠷᠢᠭ ᠠᠴᠠ ᠲᠠᠶᠢᠹᠤᠰᠧ ᠬᠤᠰᠢᠭᠤᠨ ᠳᠤ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠪᠡᠯᠡ | ᠮᠥᠩᠭᠦ ᠬᠠᠨᠳᠢᠪᠯᠠᠭᠰᠠᠨ ᠪᠠᠶᠢᠨ᠎ᠠ᠃ ᠴᠠᠩᠫᠢᠩ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠠᠶᠢᠮᠠᠭ ᠤᠨ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠤᠰᠢᠭᠤᠨ ᠤ ᠤᠳᠤᠷᠢᠳᠤᠯᠭ᠎ᠠ ᠮᠠ ᠷᠦᠢ ᠮᠠᠨ᠂ | ᠶᠢᠨ ᠶᠦᠩ ᠾᠧ᠂ ᠯᠢ ᠴᠦᠨ ᠭᠤᠸᠠᠩ᠂ ᠯᠢ ᠵᠠᠨ ᠪᠦᠦ ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠠᠢ᠃ |