5 ᠰᠠᠷ᠎ᠠ ᠶᠢᠨ 18 ᠤ ᠡᠳᠦᠷ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ | ᠤ ᠳᠠᠷᠤᠭ᠎ᠠ ᠵᠧᠦ ᠰᠢᠶᠠᠨ ᠵᠢᠶᠦ᠋ᠨ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠳᠤ ᠲᠤᠬᠠᠢ ᠶᠢᠨ ᠭᠠᠵᠠᠷ ᠤᠨ ᠪᠠᠶᠢᠴᠠᠭᠠᠨ | ᠰᠤᠳᠤᠯᠤᠯᠲᠠ ᠬᠢᠵᠡᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ ᠯᠢᠦ ᠶᠠ ᠱᠧᠩ᠂ ᠴᠢᠶᠠᠨ ᠶᠢᠨ ᠭᠧᠦ | ᠪᠠᠯᠭᠠᠰᠤᠨ ᠤ ᠳᠠᠷᠤᠭ᠎ᠠ ᠼᠠᠢ ᠬᠦᠶ ᠯᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠵᠧᠦ ᠰᠢᠶᠠᠨ ᠵᠢᠶᠦ᠋ᠨ | ᠵᠡᠷᠭᠡ ᠬᠦᠮᠦᠰ ᠴᠢᠶᠠᠨ ᠶᠢᠨ ᠭᠧᠦ ᠪᠠᠯᠭᠠᠰᠤᠨ ᠤ ᠴᠠᠪ ᠨᠠᠭᠤᠷ ᠲᠣᠰᠬᠤᠨ ᠳᠤ ᠬᠦᠷᠴᠦ ᠂ ᠵᠣᠷᠯᠣᠩ ᠤᠨ | ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠥᠯᠳᠡᠬᠦ ᠠᠴᠠ ᠰᠡᠷᠭᠡᠶᠢᠯᠡᠬᠦ | ᠲᠦᠬᠦᠬᠡᠷᠦᠮᠵᠢ ᠶᠢ ᠤᠭᠰᠠᠷᠠᠵᠤ ᠭᠡᠷᠡᠭᠯᠡᠭᠰᠡᠨ ᠵᠢᠴᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠳᠠ ᠶᠢᠨ | ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ᠂ ᠵᠣᠷᠯᠣᠩ ᠤᠨ ᠦᠬᠡᠷᠡᠴᠢᠯᠡᠯᠳᠡ ᠶᠢ ᠤᠯᠠᠮ ᠰᠠᠶᠢᠨ ᠬᠢᠬᠦ᠂ | ᠬᠠᠮᠢᠶᠠᠷᠤᠯᠳᠠ ᠶᠢᠨ ᠪᠡᠯᠡ ᠮᠥᠩᠭᠦ ᠶᠢ ᠲᠣᠳᠣᠷᠬᠠᠶᠢᠯᠠᠬᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠠᠯᠭᠠᠰᠤ ᠲᠣᠰᠬᠤᠨ ᠤ ᠺᠠᠳ᠋ᠷᠴᠤᠳ ᠲᠠᠢ ᠰᠠᠨᠠᠯ ᠢᠶᠠᠨ ᠰᠣᠯᠢᠯᠴᠠᠵᠤ᠂ ᠠᠵᠢᠯ ᠤᠨ | ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠴᠢᠭᠯᠡᠬᠦᠯᠦᠨ ᠰᠠᠨᠠᠯ ᠰᠠᠨᠠᠭᠤᠯᠭ᠎ᠠ ᠪᠠᠨ | ᠲᠤᠷᠠᠳᠤᠭᠰᠠᠨ ᠪᠠᠶᠢᠨ᠎ᠠ᠃ ᠵᠧᠦ ᠰᠢᠶᠠᠨ ᠵᠢᠶᠦ᠋ᠨ ᠴᠢᠬᠤᠯᠠᠴᠢᠯᠠᠬᠤ ᠳᠠᠭᠠᠨ᠂ ᠡᠷᠦᠬᠡ ᠶᠢᠨ ᠵᠣᠷᠯᠣᠩ ᠢ | ᠥᠭᠡᠷᠡᠴᠢᠯᠡᠨ ᠪᠠᠶᠢᠭᠤᠯᠬᠤ ᠳᠤ ᠮᠠᠯᠴᠢᠨ ᠲᠠᠷᠢᠶᠠᠴᠢᠨ ᠤ ᠰᠠᠨᠠᠯ ᠢ ᠭᠦᠢᠴᠡᠳ ᠬᠤᠷᠢᠶᠠᠵᠤ᠂ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ᠲᠠᠨᠢᠯᠲᠠ ᠪᠠ ᠢᠳᠡᠪᠬᠢᠵᠢᠯ ᠢ ᠲᠡᠭᠡᠭᠰᠢᠯᠡᠬᠦᠯᠵᠦ᠂ | ᠵᠣᠷᠯᠣᠩ ᠤᠨ ᠦᠬᠡᠷᠡᠴᠢᠯᠡᠯᠳᠡ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠪᠡ᠃ |