ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ | ᠲᠤᠤᠱᠯᠠᠭᠤᠯᠵᠤ᠂ ᠤᠳᠤᠷᠢᠳᠬᠤ ᠺᠠᠳ᠋ᠷᠴᠤᠳ ᠤᠨ ᠬᠠᠤᠯᠢ ᠰᠤᠷᠬᠤ ᠳᠠᠭᠤᠷᠢᠶᠠᠯ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠤᠳᠤᠷᠢᠳᠬᠤ ᠺᠠᠳ᠋ᠷᠴᠤᠳ ᠤᠨ ᠬᠠᠤᠯᠢ ᠰᠤᠷᠬᠤ ᠶᠢ ᠪᠠᠶᠢᠩᠭᠤᠵᠢᠭᠤᠯᠵᠤ᠂ ᠬᠠᠤᠯᠢᠵᠢᠭᠰᠠᠨ | ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 18 ᠤ ᠡᠳᠦᠷ ᠲᠠᠶᠢᠹᠤᠰᠧ | ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ 2023 ᠣᠨ ᠤ ᠪᠥᠬᠦ ᠬᠤᠰᠢᠭᠤᠨ ᠤ ᠤᠳᠤᠷᠢᠳᠬᠤ | ᠺᠠᠳ᠋ᠷᠴᠤᠳ ᠤᠨ ᠬᠠᠤᠯᠢ ᠰᠤᠷᠴᠤ ᠬᠠᠤᠯᠢ ᠬᠡᠷᠡᠭᠯᠡᠬᠦ ᠲᠤᠰᠬᠠᠢ ᠰᠡᠳᠦᠪᠲᠦ ᠪᠣᠯᠪᠠᠰᠤᠷᠠᠯ ᠢ ᠵᠤᠬᠢᠶᠠᠨ | ᠪᠠᠶᠢᠭᠤᠯᠵᠤ ᠡᠷᠭᠢᠯᠡᠪᠡ᠃ ᠡᠨᠡ ᠤᠳᠠᠭᠠᠨ ᠤ ᠪᠣᠯᠪᠠᠰᠤᠷᠠᠯ ᠳᠤ ᠱᠠᠨ ᠰᠢ ᠶᠢᠨ ᠪᠸᠢ ᠶᠤᠸᠠᠢ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠤᠨ ᠨᠢᠦ ᠲᠦᠩ ᠴᠢᠩ ᠬᠠᠤᠯᠢᠴᠢ ᠶᠢ ᠤᠷᠢᠵᠤ᠂ ᠲᠤᠰᠬᠠᠢ ᠰᠡᠳᠦᠪᠳᠦ ᠬᠢᠴᠢᠶᠡᠯ ᠲᠠᠶᠢᠯᠤᠮᠵᠢ | ᠬᠢᠯᠬᠡᠵᠡᠢ᠃ ᠬᠢᠴᠢᠶᠡᠯᠯᠡᠭᠴᠢ ᠪᠠᠭᠰᠢ ᠠᠴᠠ ︽ᠢᠷᠭᠡᠨ ᠤ ᠬᠠᠤᠯᠢ ᠶᠢᠨ ᠪᠢᠴᠢᠭ︾ ᠤᠨ ᠲᠣᠭᠲᠠᠭᠠᠭᠰᠠᠨ | ᠥᠩᠭᠡᠷᠡᠯᠲᠡ ᠶᠠᠪᠤᠴᠠ᠂ ᠴᠢᠬᠤᠯᠠ ᠪᠠᠶᠢᠷᠢ ᠰᠠᠭᠤᠷᠢ᠂ ᠠᠴᠢ ᠬᠤᠯᠪᠣᠭᠳᠠᠯ ᠪᠠ ᠦᠢᠯᠡᠳᠦᠯ ᠨᠦᠯᠦᠭᠡᠨ ᠤ | ᠲᠣᠭᠤᠷᠢᠨ ᠳᠤ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ︽ᠢᠷᠭᠡᠨ ᠤ ᠬᠠᠤᠯᠢ ᠶᠢᠨ ᠪᠢᠴᠢᠭ︾ ᠲᠠᠬᠢ | ᠪᠣᠳᠠᠰ ᠤᠨ ᠡᠷᠬᠡ᠂ ᠭᠡᠷ᠎ᠡ ᠪᠢᠴᠢᠭ᠂ ᠨᠡᠷ᠎ᠡ ᠬᠦᠨᠳᠦ ᠶᠢᠨ ᠡᠷᠬᠡ᠂ ᠣᠷᠤᠭ ᠭᠡᠷ ᠪᠦᠯᠢ᠂ ᠦᠪ ᠵᠠᠯᠭᠠᠮᠵᠢᠯᠠᠬᠤ | ᠡᠷᠭᠡ᠂ ᠤᠷᠤᠰᠢᠯ ᠰᠠᠭᠤᠷᠢᠰᠢᠯ ᠤᠨ ᠡᠷᠬᠡ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠵᠡᠷᠭᠡ ᠬᠤᠪᠢᠶᠠᠷᠢ | ᠠᠭᠤᠯᠭ᠎ᠠ ᠳᠤ ᠭᠦᠨᠵᠡᠭᠡᠢ ᠮᠦᠷᠳᠡᠭᠡᠨ ᠣᠶᠢᠯᠠᠭᠠᠮᠵᠢᠲᠠᠢ ᠲᠠᠶᠢᠯᠤᠮᠵᠢ ᠬᠢᠪᠡ᠃ ᠲᠤᠰᠬᠠᠢ ᠰᠡᠳᠦᠪᠲᠦ ᠪᠣᠯᠪᠠᠰᠤᠷᠠᠯ | ᠨᠢ ᠤᠳᠤᠷᠢᠳᠬᠤ ᠺᠠᠳ᠋ᠷᠴᠤᠳ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠳᠬᠤᠨ᠂ ︽ | ᠢᠷᠭᠡᠨ ᠤ ᠬᠠᠤᠯᠢ ᠶᠢᠨ ᠪᠢᠴᠢᠭ︾ ᠤᠨ ᠲᠤᠬᠠᠢ ᠨᠠᠩ ᠭᠦᠨᠵᠡᠭᠡᠢ ᠲᠠᠨᠢᠯᠲᠠ ᠲᠠᠢ ᠪᠣᠯᠭᠠᠵᠤ᠂ ᠪᠥᠬᠦ ᠬᠤᠰᠢᠭᠤᠨ ᠤ | ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠪᠠᠷ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠵᠥᠷᠢᠴᠡᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ | ᠠᠮᠤᠷ ᠲᠣᠭᠲᠠᠭᠤᠨ ᠢ ᠬᠠᠮᠠᠭᠠᠯᠠᠬᠤ ᠬᠢᠷᠢ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ | ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠰᠢᠭᠤ ᠬᠠᠷᠢᠶ᠎ᠠ ᠡᠯ᠎ᠡ ᠰᠠᠯᠠᠭ᠎ᠠ | ᠮᠥᠴᠢᠷ᠂ ᠲᠠᠶᠢᠹᠤᠰᠧ ᠳᠤ ᠰᠠᠭᠤᠭ᠎ᠠ ᠡᠯ᠎ᠡ ᠪᠠᠶᠢᠭᠤᠯᠭ᠎ᠠ ᠨᠢᠭᠡᠴᠡ ᠶᠢᠨ ᠭᠤᠣᠯ ᠤᠳᠤᠷᠢᠳᠤᠯᠭ᠎ᠠ᠂ ᠬᠤᠪᠢᠳᠠᠨ | ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠨ ᠨᠡᠶᠢᠲᠡ 291 ᠬᠥᠮᠥᠨ ᠪᠣᠯᠪᠠᠰᠤᠷᠠᠯ ᠳᠤ | ᠣᠷᠣᠯᠴᠠᠵᠠᠢ᠃ |