ᠲᠠᠶᠢᠹᠤᠰᠧ ᠬᠤᠰᠢᠭᠤᠨ ᠤ ᠬᠢᠨ ᠮᠣᠳᠣ ᠲᠠᠷᠢᠵᠤ ᠣᠶᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/5/22
  ᠪᠥᠬᠦ ᠬᠤᠰᠢᠭᠤᠨ ᠤ ᠨᠣᠭᠤᠭᠠᠷᠠᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠢᠨ ᠠᠰᠢᠭᠲᠠᠢ ᠴᠠᠭ ᠲᠣᠬᠢᠶᠠᠯ ᠢ ᠠᠳᠬᠤᠵᠤ᠂ ᠡᠷᠲᠡ ᠠᠴᠠ ᠬᠦᠳᠡᠯᠦᠯᠴᠡᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ ᠣᠶᠢᠵᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠡᠷᠡᠮᠡᠯᠵᠡᠯᠡᠨ ᠣᠯᠵᠤ᠂ ᠮᠣᠳᠣ ᠳᠠᠷᠢᠵᠤ ᠣᠶᠢᠵᠢᠭᠤᠯᠬᠤ ᠠᠵᠢᠯ ᠢ ᠵᠠᠯᠭᠠᠭ᠎ᠠ ᠪᠠᠷ ᠦᠷᠨᠢᠬᠦᠯᠵᠦ ᠪᠠᠶᠢᠨ᠎ᠠ᠃ ᠣᠶᠢᠷ᠎ᠠ ᠳᠤ᠂ ᠰᠤᠷᠪᠤᠯᠵᠢᠯᠠᠭᠴᠢ ᠯᠥᠸᠧ ᠲᠦᠸᠧ ᠱᠠᠨ ᠪᠠᠯᠭᠠᠰᠤᠨ ᠤ  ᠴᠢᠯᠠᠭᠤᠨ ᠤᠰᠤ ᠲᠣᠰᠬᠤᠨ ᠳᠤ ᠬᠦᠷᠬᠦ  ᠳᠤ ᠵᠡᠭᠡᠯᠢ ᠭᠤᠳᠤᠮᠵᠢ ᠶᠢᠨ ᠬᠤᠶᠠᠷ ᠬᠠᠵᠠᠭᠤ ᠪᠠᠷ ᠮᠣᠳᠣ ᠳᠠᠷᠢᠬᠤ ᠠᠵᠢᠯᠴᠢᠳ  ᠶᠠᠭ ᠨᠢᠯᠬ᠎ᠠ ᠮᠣᠳᠣ ᠲᠠᠷᠢᠵᠤ ᠪᠠᠶᠢᠬᠤ  ᠲᠠᠢ ᠲᠠᠭᠠᠷᠠᠯᠳᠤᠪᠠ᠃  ᠠᠵᠢᠯᠳᠠᠳ ᠤᠨ ᠵᠠᠷᠢᠮ ᠨᠢ ᠮᠤᠳᠤ ᠶᠢ ᠲᠦᠰᠢᠵᠦ᠂ ᠵᠠᠷᠢᠮ ᠨᠢ ᠰᠢᠷᠤᠢ ᠬᠢᠵᠦ᠂ ᠮᠠᠰᠢ ᠶᠠᠭᠠᠷᠠᠯᠳᠠᠢ ᠠᠵᠢᠯᠯᠠᠬᠤ ᠪᠠᠶᠢᠯ᠎ᠠ᠃ ᠨᠢᠯᠬ᠎ᠠ ᠮᠣᠳᠣᠨ ᠤ  ᠤᠨᠳᠤᠷᠤᠯᠳᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠮᠡᠷᠭᠡᠵᠢᠯ ᠤᠨ ᠠᠵᠢᠯᠲᠠᠳ ᠳᠠᠭᠠᠵᠤ ᠵᠢᠯᠤᠭᠤᠳᠤᠨ᠂ ᠮᠣᠳᠣᠨ ᠤ ᠲᠥᠷᠥᠯ ᠢ ᠨᠠᠷᠢᠨ ᠨᠢᠮᠪᠠᠢ ᠰᠢᠭᠰᠢᠨ ᠰᠤᠩᠭᠤᠵᠤ  ᠂  ᠶᠠᠰᠤ ᠴᠢᠨᠠᠷ ᠢ ᠪᠠᠳᠤᠯᠠᠨ᠂   ᠮᠡᠷᠭᠡᠵᠢᠯ ᠤᠨ ᠪᠣᠭᠤᠮᠲᠠ ᠶᠢ ᠴᠢᠩᠭ᠎ᠠ ᠠᠳᠬᠤᠵᠤ ᠪᠠᠶᠢᠯ᠎ᠠ᠃    ᠣᠶ ᠰᠢᠭᠤᠢ ᠶᠢᠨ ᠠᠵᠢᠯ ᠤᠨ ᠥᠷᠲᠡᠭᠡᠨ ᠤ ᠳᠠᠷᠤᠭ᠎ᠠ ᠡᠷᠳᠡᠨᠢᠬᠡᠰᠢᠭ᠄ ︽ᠣᠲᠣ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠠᠵᠢᠯ ᠰᠢᠪᠲᠤᠷᠭᠠᠨ ᠳᠠᠭᠠᠨ ᠤᠷᠤᠵᠠᠢ᠂ ᠵᠣᠨ ᠤ ᠠᠵᠢᠯ ᠪᠤᠯ ᠭᠤᠤᠯᠳᠠᠭᠤ 6 ᠰᠠᠷ᠎ᠠ ᠶᠢᠨ ᠳᠤᠮᠳᠠᠴᠢ ᠠᠴᠠ 7 ᠰᠠᠷ᠎ᠠ ᠶᠢᠨ ᠡᠬᠢ ᠪᠣᠯᠲᠠᠯ᠎ᠠ  12 ᠲᠦᠮᠡᠨ ᠮᠦ ᠪᠤᠳᠠᠯᠢᠭ ᠮᠣᠳᠣ ᠲᠠᠷᠢᠬᠤ ᠪᠠᠷ ᠪᠡᠯᠡᠳᠬᠡᠵᠦ ᠪᠠᠶᠢᠨ᠎ᠠ  ᠃  ᠨᠠᠮᠤᠷ   ᠤᠨ ᠤᠯᠠᠷᠢᠯ ᠳᠤ ᠭᠤᠣᠯᠳᠠᠭᠤ ᠴᠢᠨᠠᠷ ᠮᠠᠭᠤ ᠠᠰᠢᠭ ᠪᠠᠭ᠎ᠠ ᠤᠢ ᠮᠤᠳᠤ ᠶᠢ ᠦᠬᠡᠷᠡᠴᠢᠯᠡᠬᠦ᠂ ᠤᠢ  ᠮᠤᠳᠤ ᠶᠢ ᠠᠷᠠᠴᠢᠯᠠᠨ ᠪᠣᠶᠢᠵᠢᠭᠤᠯᠬᠤ ᠵᠢᠴᠢ  ᠪᠤᠳᠠᠯᠢᠭ ᠮᠣᠳᠣᠨ ᠤᠢ ᠶᠢ ᠰᠠᠶᠢᠵᠢᠷᠠᠭᠤᠯᠬᠤ ᠵᠡᠷᠭᠡ ᠳᠦᠷᠦᠯ ᠵᠦᠢᠯ ᠢ ᠭᠡᠷᠡᠭᠵᠢᠬᠦᠯᠵᠦ᠂  ᠬᠤᠯᠪᠣᠭᠳᠠᠬᠤ ᠳᠠᠯᠠᠪᠠᠢ ᠨᠢ ᠪᠠᠷᠤᠭ 10.12 ᠲᠦᠮᠡᠨ ᠮᠤ᠋ ᠳᠤ ᠬᠦᠷᠦᠨ᠎ᠡ᠃ 9 ᠰᠠᠷ᠎ᠠ ᠶᠢᠨ ᠰᠡᠭᠦᠯᠴᠢ ᠠᠴᠠ 10 ᠰᠠᠷ᠎ᠠ ᠶᠢᠨ ᠰᠡᠭᠦᠯᠴᠢ ᠪᠣᠯᠲᠠᠯ᠎ᠠ ᠨᠠᠮᠤᠷ ᠤᠨ ᠤᠶᠢᠵᠢᠭᠤᠯᠤᠯᠳᠠ  ᠶᠢ ᠬᠢᠵᠦ᠂ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ︾᠃    ᠣᠲᠣ ᠪᠣᠯᠲᠠᠯ᠎ᠠ᠂ ᠬᠡᠷᠡᠭᠵᠢᠭᠦᠯᠵᠦ ᠪᠠᠶᠢᠭ᠎ᠠ ᠮᠤᠳᠤ ᠲᠠᠷᠢᠬᠤ ᠲᠥᠷᠥᠯ ᠵᠦᠢᠯ ᠳᠤ 2023 ᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠤᠨ 12 ᠵᠢᠱᠢᠶ᠎ᠡ ᠦᠵᠡᠭᠦᠯᠬᠦ ᠲᠣᠰᠬᠤᠨ   ᠬᠤᠯᠪᠣᠭᠳᠠᠵᠤ᠂  ᠨᠡᠶᠢᠳᠡ 335 ᠮᠦ ᠶᠢᠨ ᠣᠶᠢᠵᠢᠭᠤᠯᠤᠯᠲᠠ ᠶᠢ ᠪᠡᠶᠡᠯᠡᠬᠦᠯᠦᠭᠰᠡᠨ ᠪᠦᠭᠡᠳ ᠠᠶᠢᠮᠠᠭ ᠤᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠣᠰᠬᠤᠨ ᠪᠤᠯᠬᠤ 10 ᠲᠤᠰᠬᠤᠨ ᠳᠤ ᠨᠡᠶᠢᠳᠡ 420 ᠮᠦ ᠶᠢᠨ ᠣᠶᠢᠵᠢᠭᠤᠯᠤᠯᠲᠠ ᠶᠢ ᠬᠢᠵᠦ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠵᠢᠱᠢᠶ᠎ᠡ ᠦᠵᠡᠭᠦᠯᠬᠦ ᠴᠡᠭ ᠪᠤᠯᠬᠤ 8 ᠲᠣᠰᠬᠤᠨ ᠳᠤ ᠨᠡᠶᠢᠳᠡ 670 ᠮᠦ ᠣᠶᠢᠵᠢᠭᠤᠯᠤᠯᠲᠠ ᠶᠢ ᠬᠢᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号