ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠪᠤᠤᠴᠠᠩ ᠪᠠᠯᠭᠠᠰᠤ᠂ | ᠯᠥᠸᠧ ᠲᠦᠸᠧ ᠱᠠᠨ ᠪᠠᠯᠭᠠᠰᠤ᠂ ᠴᠢᠶᠠᠨ ᠶᠢᠨ ᠭᠧᠦ ᠪᠠᠯᠭᠠᠰᠤᠨ ᠳᠤ ᠬᠦᠨᠵᠡᠬᠡᠶᠢᠷᠡᠵᠦ᠂ ᠲᠡᠵᠢᠭᠡᠨ ᠦᠷᠡᠵᠢᠭᠦᠯᠬᠦ᠂ | ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠵᠠᠰᠠᠬᠤ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠸᠠᠩ ᠸᠧᠢ | ᠬᠤᠩ ᠵᠢᠭᠠᠵᠤ ᠭᠠᠷᠭᠠᠬᠤ ᠳᠠᠭᠠᠨ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠬᠥᠭᠵᠢᠯᠲᠡ ᠶᠢᠨ ᠠᠯᠬᠤᠭ᠎ᠠ ᠶᠢ | ᠲᠦᠷᠭᠡᠳᠬᠡᠵᠦ᠂ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ | ᠭᠤᠤᠯᠯᠠᠭᠴᠢ ᠰᠦᠷᠦᠭ ᠢ ᠪᠣᠶᠢᠵᠢᠭᠤᠯᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ | ᠲᠠᠰᠤᠷᠠᠯᠲᠠ ᠦᠭᠡᠢ ᠥᠷᠭᠡᠳᠬᠡᠨ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠨᠡᠮᠡᠭᠳᠡᠭᠦᠯᠵᠦ᠂ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠃ ᠠᠶᠢᠯ ᠲᠣᠰᠬᠤᠨ ᠢ ᠠᠷᠢᠭᠤᠨ ᠴᠡᠪᠡᠷ | ᠪᠠᠶᠢᠯᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠠᠨ ᠨᠡᠶᠢᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ | ᠬᠡᠷᠡᠭᠲᠡᠢ᠃ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠪᠠ ᠵᠣᠷᠯᠣᠩ ᠤᠨ ᠥᠭᠡᠷᠡᠴᠢᠯᠡᠯᠲᠡ ᠶᠢᠨ | ᠳᠤᠲᠠᠭᠤᠳᠠᠯ ᠢ ᠲᠠᠰᠤᠷᠠᠯᠲᠠ ᠦᠭᠡᠢ ᠨᠥᠬᠦᠪᠦᠷᠢᠯᠡᠵᠦ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ | ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠪᠠ ᠡᠷᠦᠬᠡ ᠶᠢᠨ ᠵᠣᠷᠯᠣᠩ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ | ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠢᠳᠡᠪᠬᠢᠲᠡᠢ ᠰᠠᠶᠢᠵᠢᠷᠠᠭᠤᠯᠬᠤ ᠬᠡᠷᠡᠭᠲᠡᠢ᠃ | ᠨᠡᠶᠢᠭᠡᠮᠴᠢᠯᠡᠭᠰᠡᠨ ᠦᠢᠯᠡᠴᠢᠯᠡᠭᠡᠨ ᠤ ᠠᠭᠤᠯᠭ᠎ᠠ ᠶᠢ ᠪᠠᠶᠠᠯᠢᠬᠵᠢᠭᠤᠯᠵᠤ᠂ ᠵᠣᠷᠯᠣᠩ ᠴᠡᠪᠡᠷᠯᠡᠬᠦ᠂ ᠬᠤᠭ ᠨᠣᠪᠰᠢ | ᠴᠡᠪᠡᠷᠯᠡᠬᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠳᠠ ᠵᠡᠷᠭᠡ ᠲᠠᠯ᠎ᠠ ᠶᠢᠨ ᠦᠢᠯᠡᠴᠢᠯᠡᠭᠡᠨ ᠤ ᠬᠡᠷᠡᠭᠴᠡᠭᠡ | ᠶᠢ ᠬᠠᠩᠭᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃ ᠰᠤᠮᠤ ᠰᠢᠶᠠᠩ ᠪᠠᠯᠭᠠᠰᠤᠨ ᠤ ᠭᠤᠣᠯ | ᠬᠠᠷᠢᠭᠤᠴᠠᠯᠭᠠᠲᠠᠨ ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |