︽ᠵᠣᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ᠂ ︽ᠨᠠᠮ ᠤᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠲᠥᠷᠥᠯ ᠵᠦᠢᠯ︾ ᠤᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠤᠯᠠᠮ ᠪᠠᠬᠢᠵᠢᠬᠦᠯᠦᠨ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ ᠲᠡᠭᠡᠭᠰᠢᠯᠡᠬᠦᠯᠬᠦ ᠶᠢᠨ ᠲᠦᠯᠦᠭᠡ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ ᠶᠦᠩ ᠹᠧᠩ ᠪᠠᠯᠭᠠᠰᠤᠨ ᠤ ᠬᠢᠨ ᠲᠤᠷᠤᠢ | ᠪᠠᠭᠤᠷᠠᠢ ᠰᠤᠯᠠ ᠵᠠᠳᠠᠭᠠᠢ ᠲᠣᠰᠬᠤᠨ ᠤ ᠨᠠᠮ ᠤᠨ ᠡᠭᠦᠷ ᠳᠤ ᠪᠠᠶᠢᠴᠠᠭᠠᠯᠲᠠ ᠬᠢᠬᠦ ᠠᠵᠢᠯ ᠢ ᠢᠳᠡᠪᠬᠢᠲᠡᠢ | ᠦᠷᠨᠢᠬᠦᠯᠵᠦ ᠪᠠᠶᠢᠨ᠎ᠠ᠃ ᠪᠠᠯᠭᠠᠰᠤᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠲᠤᠷᠤᠢ | ᠪᠠᠭᠤᠷᠠᠢ ᠰᠤᠯᠠ ᠵᠠᠳᠠᠭᠠᠢ ᠲᠣᠰᠬᠤᠨ ᠤ ᠨᠠᠮ ᠤᠨ ᠡᠭᠦᠷ ᠤᠨ ᠪᠠᠶᠢᠴᠠᠭᠠᠨ ᠴᠡᠭᠴᠡᠯᠡᠬᠦ ᠠᠵᠢᠯ ᠢ ᠦᠷᠭᠦᠯᠵᠢᠯᠡᠨ | ᠥᠷᠨᠢᠭᠦᠯᠬᠦ ᠲᠤᠬᠠᠢ ᠮᠡᠳᠡᠭᠳᠡᠯ︾ ᠢ ᠲᠠᠷᠬᠠᠭᠠᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠠᠶᠢᠴᠠᠭᠠᠨ ᠴᠡᠭᠴᠡᠯᠡᠬᠦ ᠲᠤᠰᠬᠠᠢ ᠠᠩᠭᠢ ᠶᠢ ᠪᠠᠶᠢᠭᠤᠯᠤᠨ᠂ | ᠪᠠᠶᠢᠴᠠᠭᠠᠯᠳᠠ ᠶᠢᠨ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ᠂ ᠠᠷᠭ᠎ᠠ ᠬᠡᠯᠪᠡᠷᠢ᠂ ᠠᠯᠬᠤᠮ ᠳᠠᠷᠠᠭ᠎ᠠ ᠶᠢ | ᠲᠣᠳᠣᠷᠬᠠᠶᠢᠯᠠᠵᠤ᠂ ᠪᠠᠶᠢᠴᠠᠭᠠᠨ ᠴᠡᠭᠴᠡᠯᠡᠬᠦ ᠳᠡᠭᠡᠨ ᠦᠨᠳᠦᠰᠦ ᠪᠠᠷᠢᠮᠲᠠ ᠲᠠᠢ ᠪᠠᠶᠢᠬᠤ ᠶᠢ ᠪᠠᠲᠤᠯᠠᠵᠠᠢ᠃ ᠳᠡᠭᠡᠷ᠎ᠡ | ᠵᠢᠯ ᠤᠨ ︽ᠡᠷᠳᠡᠮ ᠮᠦᠷᠦᠶᠢᠴᠡᠵᠦ ᠤᠳᠤᠨ ᠪᠤᠯᠢᠶᠠᠯᠳᠤᠬᠤ︾ ᠠᠵᠢᠯᠯᠠᠭ᠎ᠠ᠂ ᠲᠣᠰᠬᠤᠨ ᠤ ᠳᠡᠰ ᠤᠨ ᠬᠢᠨᠠᠨ | ᠰᠢᠯᠠᠭᠠᠯᠳᠠ ᠶᠢᠨ ᠦᠷ᠎ᠡ ᠳ᠋ᠦᠩ ᠪᠠ 2023 ᠣᠨ ᠤ ᠨᠢᠭᠡᠳᠦᠭᠡᠷ ᠤᠯᠠᠷᠢᠯ ᠤᠨ ᠬᠢᠨᠠᠨ ᠰᠢᠯᠭᠠᠬᠤ ᠠᠵᠢᠯ ᠲᠠᠢ | ᠤᠶᠠᠯᠳᠤᠭᠤᠯᠤᠨ᠂ ᠲᠤᠷᠤᠢ ᠪᠠᠭᠤᠷᠠᠢ ᠰᠤᠯᠠ ᠵᠠᠳᠠᠭᠠᠢ ᠢᠯᠡᠷᠡᠯ ᠤᠨ 6 ᠲᠦᠷᠦᠯ ᠤᠨ ᠪᠠᠶᠢᠳᠠᠯ ᠲᠠᠢ ᠬᠠᠷᠢᠴᠠᠭᠤᠯᠵᠤ᠂ | ᠰᠠᠭᠤᠷᠢᠨ ᠭᠠᠵᠠᠷ ᠢ ᠦᠵᠡᠬᠦ᠂ ᠳᠠᠩᠰᠠ ᠡᠪᠬᠡᠮᠡᠯ ᠢ ᠪᠠᠶᠢᠴᠠᠭᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ | ᠠᠷᠭ᠎ᠠ ᠬᠡᠯᠪᠡᠷᠢ ᠪᠠᠷ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ᠂ ᠨᠠᠮ ᠤᠨ ᠭᠡᠰᠢᠬᠦᠨ ᠤᠯᠠᠨ ᠲᠦᠮᠡᠨ ᠤ ᠬᠦᠳᠡᠯᠪᠦᠷᠢ ᠠᠵᠢᠯᠯᠠᠭᠠᠨ ᠤ ᠰᠠᠭᠤᠷᠢᠨ | ᠭᠠᠵᠠᠷ ᠤᠨ ᠪᠠᠶᠢᠭᠤᠯᠤᠯᠲᠠ ᠵᠢᠴᠢ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ | ᠴᠤᠭᠴᠠᠯᠠᠯᠳᠠ᠂ ᠡᠯ᠎ᠡ ᠲᠦᠷᠦᠯ ᠤᠨ ᠠᠵᠢᠯ ᠤᠨ ᠠᠬᠢᠴᠠ ᠵᠡᠷᠭᠡ ᠶᠢ ᠨᠠᠷᠢᠨ ᠣᠶᠢᠯᠠᠭᠠᠵᠤ᠂ ᠤᠨᠢᠨ ᠳᠡᠭᠡᠷ᠎ᠡ ᠨᠢ | ᠰᠤᠳᠤᠯᠤᠨ ᠮᠠᠭᠠᠳᠯᠠᠵᠤ ᠬᠠᠷᠠᠯᠲᠠ ᠲᠠᠢ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠳᠤᠯᠠᠭᠰᠠᠨ ᠪᠠᠶᠢᠨ᠎ᠠ᠃ | ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠤ᠂ ᠲᠤᠷᠤᠢ ᠪᠠᠭᠤᠷᠠᠢ | ᠰᠤᠯᠠ ᠵᠠᠳᠠᠭᠠᠢ ᠲᠣᠰᠬᠤᠨ ᠤ ᠨᠠᠮ ᠤᠨ ᠡᠭᠦᠷ ᠢ ᠬᠢᠨᠠᠨ ᠲᠣᠭᠲᠠᠭᠠᠬᠤ ᠶᠢᠨ ᠬᠠᠮᠲᠤ ᠂ ︽ᠨᠢᠭᠡ ᠲᠣᠰᠬᠤᠨ ᠳᠤ | ᠨᠢᠭᠡ ᠪᠣᠳᠣᠯᠭ᠎ᠠ᠂ ᠨᠢᠭᠡ ᠬᠡᠷᠡᠭ ᠲᠤ ᠨᠢᠭᠡ ᠴᠡᠭᠴᠡᠯᠡᠯᠲᠡ︾ ᠶᠢᠨ ᠵᠠᠷᠴᠢᠮ ᠶᠣᠰᠣᠭᠠᠷ ᠪᠠᠶᠢᠴᠠᠭᠠᠨ ᠴᠡᠭᠴᠡᠯᠡᠬᠦ | ᠠᠵᠢᠯ ᠢ ᠰᠠᠶᠢᠨ ᠬᠢᠵᠦ᠂ ︽ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠵᠦ᠂ ᠨᠢᠭᠡ ᠶᠢ ᠬᠦᠴᠦᠷᠬᠡᠭᠵᠢᠭᠦᠯᠵᠦ᠂ | ᠨᠢᠭᠡ ᠪᠦᠯᠦᠭ ᠢ ᠳᠡᠭᠡᠭᠰᠢᠯᠡᠭᠦᠯᠬᠦ︾ ᠶᠢ ᠪᠠᠳᠤᠯᠠᠨ᠂ ᠪᠦᠬᠦ ᠪᠠᠯᠭᠠᠰᠤᠨ ᠤ ᠨᠠᠮ ᠤᠨ ᠡᠭᠦᠷ ᠤᠨ ᠲᠦᠷᠢᠮᠵᠢᠭᠰᠡᠨ | ᠪᠠᠶᠢᠭᠤᠯᠤᠯᠲᠠ ᠶᠢᠨ ᠬᠢᠷᠢ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠠᠶᠢᠴᠢᠯᠠᠨ ᠳᠠᠭᠠᠭᠤᠯᠬᠤ ᠳᠤ ᠪᠠᠲᠤ ᠪᠠᠬᠢ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ ᠪᠤᠢ᠃ |