ᠲᠠᠶᠢᠹᠤᠰᠧ ᠬᠤᠰᠢᠭᠤ 2023 ᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠡᠬᠡᠯᠵᠢᠳᠦ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/5/23
    ᠰᠢ ᠶᠢᠨ ᠫᠢᠩ  ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠡᠨᠴᠢ ᠰᠢᠳᠤᠷᠭᠤ᠂  ᠴᠡᠪᠡᠷ ᠴᠢᠭᠡᠴᠢ᠂ ᠬᠠᠷᠢᠭᠤᠴᠠᠯᠭ᠎ᠠ ᠡᠬᠦᠷᠭᠡᠯᠡᠳᠡᠭ ᠰᠢᠨ᠎ᠡ ᠴᠠᠭ ᠦᠶ᠎ᠡ  ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ  ᠢ ᠪᠠᠶᠢᠭᠤᠯᠬᠤ ᠶᠢᠨ ᠲᠥᠯᠥᠭᠡ᠂ 5 ᠰᠠᠷ᠎ᠠ  ᠶᠢᠨ 19  ᠤ ᠡᠳᠦᠷ ᠲᠠᠶᠢᠹᠤᠰᠧ ᠬᠤᠰᠢᠭᠤ 2023 ᠣᠨ  ᠤ ᠤᠯᠤᠰ ᠲᠦᠷᠦ ᠬᠠᠤᠯᠢ ᠴᠠᠭᠠᠵᠠ  ᠶᠢᠨ ᠰᠢᠰᠲ᠋ᠧᠮ  ᠤᠨ ᠠᠩᠬᠠᠳᠤᠭᠠᠷ ᠬᠤᠭᠤᠴᠠᠭᠠᠨ  ᠤ ᠤᠯᠤᠰ ᠲᠦᠷᠦ ᠶᠢᠨ ᠡᠬᠡᠯᠵᠢᠳᠦ ᠪᠤᠯᠪᠠᠰᠤᠷᠠᠯ ᠡᠷᠬᠢᠯᠡᠪᠡ᠃  ᠰᠢᠭᠦᠬᠦ ᠬᠤᠷᠢᠶᠠᠨ ᠤ ᠳᠠᠷᠤᠭ᠎ᠠ ᠯᠢ ᠯᠢ ᠵᠢᠶᠦ᠋ᠨ ᠪᠤᠯᠪᠠᠰᠤᠷᠠᠯ ᠡᠬᠢᠯᠡᠬᠦ ᠶᠤᠰᠤᠯᠠᠯ ᠢ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠢ  ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠪᠦᠭᠡᠳ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠲᠠᠶᠢᠹᠤᠰᠧ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠰᠦᠭᠡᠢ︾ ᠬᠡᠮᠡᠬᠦ ᠭᠤᠣᠯ ᠰᠡᠳᠦᠪ ᠢᠶᠠᠷ ᠨᠠᠮ ᠤᠨ ᠬᠢᠴᠢᠶᠡᠯ ᠤᠷᠤᠵᠠᠢ᠃ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠮᠧᠩ ᠯᠢᠩ ᠸᠧᠨ ᠠᠴᠠ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︾  ᠶᠢᠨ ᠲᠤᠬᠠᠢ ᠰᠡᠳᠦᠪ ᠨᠢ ᠲᠣᠳᠣ᠂ ᠠᠭᠤᠯᠭ᠎ᠠ ᠨᠢ ᠪᠠᠶᠠᠯᠢᠭ᠂ ᠣᠨᠣᠯ ᠤᠨ ᠥᠨᠳᠥᠷᠴᠡ ᠲᠠᠢ ᠮᠥᠷᠲᠡᠭᠡᠨ ᠰᠡᠳᠬᠢᠬᠦᠢ ᠶᠢᠨ ᠭᠦᠨᠴᠡ ᠲᠠᠢ ᠬᠢᠴᠢᠶᠡᠯ ᠲᠠᠶᠢᠯᠤᠮᠵᠢ ᠬᠢᠵᠦ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ  ᠤᠨ ᠺᠠᠳ᠋ᠷ ᠠᠵᠢᠯᠳᠠᠳ ᠤᠨ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠨᠣᠪᠴᠢᠲᠠᠶ ᠡᠵᠡᠮᠰᠢᠬᠦ ᠳᠤ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃  ᠪᠣᠯᠪᠠᠰᠤᠷᠠᠯ ᠳᠤ ᠣᠷᠣᠯᠴᠠᠭᠰᠠᠨ ᠺᠠᠳ᠋ᠷ ᠠᠵᠢᠯᠳᠠᠳ᠂  ᠡᠨᠡ ᠤᠳᠠᠭᠠᠨ ᠤ ᠤᠯᠤᠰ ᠲᠥᠷᠥ ᠶᠢᠨ ᠪᠣᠯᠪᠠᠰᠤᠷᠠᠯ ᠨᠢ ᠲᠤᠶᠢᠯ ᠤᠨ ᠴᠢᠬᠤᠯᠠ ᠠᠴᠢ ᠬᠤᠯᠪᠤᠭᠳᠠᠯ  ᠲᠠᠢ ᠪᠥᠭᠡᠳ ᠴᠠᠭ ᠲᠠᠭᠠᠨ ᠮᠠᠰᠢ ᠲᠣᠬᠢᠷᠠᠵᠤ᠂ ᠨᠢᠭᠡ ᠤᠳᠠᠭᠠᠨ ᠤ ᠦᠵᠡᠯ ᠰᠠᠨᠠᠭᠠᠨ ᠤ ︽ ᠴᠠᠬᠢᠯᠭᠠᠨ ᠴᠡᠨᠡᠭᠯᠡᠯᠳᠡ ︾᠂ ᠣᠶᠤᠨ ᠰᠠᠨᠠᠭᠠᠨ ᠤ ︽ ᠺᠠᠯᠽ ᠨᠦᠬᠦᠪᠦᠷᠢᠯᠡᠯᠳᠡ︾᠂ ᠠᠵᠢᠯ ᠦᠢᠯᠡᠰ ᠤᠨ ︽ ᠲᠤᠰᠤ ᠨᠡᠮᠡᠯᠳᠡ︾ ᠪᠤᠯᠤᠯ᠎ᠠ ᠬᠡᠵᠦ ᠶᠠᠷᠢᠵᠠᠭᠠᠨ᠎ᠠ᠃  ᠪᠣᠯᠪᠠᠰᠤᠷᠠᠯ ᠳᠤ ᠣᠷᠣᠯᠴᠠᠭᠰᠠᠳ  ᠪᠠᠰᠠ ᠤᠯᠤᠰ ᠲᠥᠷᠥ ᠬᠠᠤᠯᠢ ᠴᠠᠭᠠᠵᠠ   ᠶᠢᠨ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠡᠷᠡᠮᠵᠢ   ᠶᠢᠨ ᠹᠢᠯᠢᠮ   ᠢ ᠬᠠᠮᠳᠤ ᠳᠠᠭᠠᠨ ᠰᠤᠨᠢᠷᠬᠠᠵᠠᠢ᠃ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ᠂ ᠰᠤᠮᠤ ᠰᠢᠶᠠᠩ ᠪᠠᠯᠭᠠᠰᠤᠨ ᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠵᠡᠷᠭᠡ 120 ᠭᠠᠷᠤᠢ ᠬᠥᠮᠥᠨ ᠡᠨᠡ ᠤᠳᠠᠭᠠᠨ ᠤ ᠪᠣᠯᠪᠠᠰᠤᠷᠠᠯ ᠳᠤ  ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号