ᠲᠠᠶᠢᠹᠤᠰᠧ ᠬᠤᠰᠢᠭᠤ ᠵᠡᠮᠳᠡᠭᠴᠦᠳ ᠢ ᠲᠤᠰᠠᠯᠠᠬᠤ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/5/23
    ᠥᠷᠭᠡᠨ ᠣᠯᠠᠨ ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠵᠤᠷᠢᠬᠵᠢᠭᠤᠯᠤᠨ  ᠂  ᠵᠡᠮᠳᠡᠭᠴᠦᠳ ᠢ ᠬᠠᠶᠢᠷᠠᠯᠠᠨ ᠬᠠᠯᠠᠮᠵᠢᠯᠠᠵᠤ ᠬᠠᠪᠰᠤᠷᠤᠨ ᠲᠡᠳᠬᠦᠬᠦ  ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠶᠢᠨ ᠲᠦᠯᠦᠭᠡ᠂ 5 ᠰᠠᠷ᠎ᠠ ᠶᠢᠨ 21 ᠤ ᠡᠳᠦᠷ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂  ᠡᠮᠨᠡᠯᠭᠡ ᠶᠢᠨ ᠪᠠᠳᠤᠯᠠᠭᠠᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠢᠨ ᠬᠤᠯᠪᠤᠭᠠᠯᠠᠵᠤ᠂ ︽ᠵᠡᠮᠳᠡᠭᠴᠦᠳ ᠤᠨ ᠨᠡᠶᠢᠭᠡᠮ ᠤᠨ  ᠪᠠᠳᠤᠯᠠᠭᠠᠨ ᠤ ᠳᠦᠷᠢᠮ ᠪᠠ  ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠭᠤᠴᠢᠨ ᠭᠤᠷᠪᠠᠳᠠᠬᠢ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃  ᠠᠬᠤᠢ ᠲᠠᠯᠠᠪᠠᠢ ᠳᠤ ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂  ᠤᠬᠠᠭᠤᠯᠭ᠎ᠠ  ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠳᠤ ︽ᠵᠡᠮᠳᠡᠭᠴᠦᠳ ᠤᠨ ᠪᠠᠳᠤᠯᠠᠭᠠᠨ ᠤ ᠬᠠᠤᠯᠢ︾ ︽ ᠵᠡᠮᠳᠡᠭᠷᠡᠯ ᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠳᠦᠷᠢᠮ︾ ︽ᠵᠡᠮᠳᠡᠭᠴᠦᠳ ᠲᠤ ᠠᠵᠢᠯ ᠣᠯᠭᠤᠬᠤ ᠳᠦᠷᠢᠮ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠵᠢᠴᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠭᠰᠠᠨ ᠤ ᠬᠠᠮᠳᠤ᠂  ᠨᠡᠶᠢᠭᠡᠮ ᠲᠣᠭᠤᠷᠢᠭ ᠲᠤ  ᠬᠦᠨᠵᠡᠬᠡᠶᠢᠷᠡᠵᠦ ᠵᠡᠮᠳᠡᠭᠴᠤᠳ ᠢ ᠲᠤᠰᠠᠯᠠᠬᠤ  ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂  ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ  ᠪᠠ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ  ᠠᠷᠠᠳ ᠢᠷᠭᠡᠳ   ᠲᠤ ᠤᠯᠠᠮ ᠰᠠᠶᠢᠨ ᠤᠶᠢᠯᠠᠭᠠᠭᠤᠯᠵᠤ᠂ ᠪᠥᠬᠦ ᠨᠡᠶᠢᠭᠡᠮ ᠢᠶᠠᠷ ᠢᠶᠠᠨ ᠵᠡᠮᠳᠡᠭᠴᠦᠳ ᠢ ᠬᠠᠯᠠᠮᠵᠢᠯᠠᠬᠤ᠂ ᠵᠡᠮᠳᠡᠭᠴᠦᠳ ᠤᠨ ᠦᠢᠯᠡᠰ ᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠥᠭᠡᠳ ᠵᠡᠮᠳᠡᠭᠴᠦᠳ ᠲᠤ ᠨᠠᠩ ᠢᠯᠡᠬᠦᠦ ᠬᠠᠶᠢᠷ᠎ᠠ ᠬᠠᠯᠠᠮᠵᠢ ᠶᠢ ᠬᠦᠷᠳᠡᠭᠡᠵᠡᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠴᠢᠬᠤᠯᠠᠴᠢᠯᠠᠵᠤ᠂ ᠬᠠᠪᠰᠤᠷᠤᠨ ᠲᠤᠰᠠᠯᠠᠬᠤ ᠠᠵᠢᠯᠯᠠᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠦᠨᠡᠨᠬᠦ ᠰᠠᠶᠢᠵᠢᠷᠠᠭᠤᠯᠵᠤ᠂ ᠵᠡᠮᠳᠡᠭᠴᠦᠳ ᠤᠨ ᠬᠠᠤᠯᠢ ᠲᠦᠷᠢᠮ ᠤᠨ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠣᠯᠠᠨ ᠵᠡᠮᠳᠡᠭᠴᠦᠳ ᠢ ᠬᠠᠪᠰᠤᠷᠴᠤ ᠪᠠᠶᠢᠭᠠᠳ ᠭᠡᠷ ᠠᠴᠠ ᠨᠢ ᠭᠠᠷᠭᠠᠨ᠂ ᠨᠡᠶᠢᠭᠡᠮ ᠳᠤ ᠠᠭᠤᠰᠤᠯᠴᠠᠭᠤᠯᠵᠤ᠂ ᠨᠡᠶᠢᠭᠡᠮ ᠤᠨ ᠡᠯ᠎ᠡ ᠡᠲᠡᠭᠡᠳ ᠢ ᠲᠠᠶᠢᠴᠢᠯᠠᠨ ᠵᠡᠮᠳᠡᠭᠴᠦᠳ ᠢ ᠬᠠᠶᠢᠷᠠᠯᠠᠨ ᠬᠠᠯᠠᠮᠵᠢᠯᠠᠬᠤ ᠪᠠ ᠵᠡᠮᠳᠡᠭᠴᠤᠳ ᠤᠨ ᠦᠢᠯᠡᠰ ᠢ ᠬᠦᠭᠵᠢᠬᠦᠯᠬᠦ ᠠᠵᠢᠯᠯᠠᠭ᠎ᠠ ᠳᠤ ᠢᠳᠡᠪᠬᠢᠳᠡᠢ ᠤᠷᠤᠯᠴᠠᠭᠤᠯᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号