ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2023/5/23
   5 ᠰᠠᠷ᠎ᠠ ᠶᠢᠨ 22 ᠤᠨ ᠡᠳᠦᠷ ᠠᠴᠠ᠂  ᠲᠠᠶᠢᠹᠤᠰᠧ ᠬᠤᠰᠢᠭᠤᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ  ᠡᠬᠢᠯᠡᠵᠦ᠂ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠡᠯ᠎ᠡ ᠰᠤᠮᠤ ᠰᠢᠶᠠᠩ ᠪᠠᠯᠭᠠᠰᠤᠨ ᠳᠤ ᠬᠦᠷᠴᠦ  ᠠᠬᠤᠢ ᠲᠠᠯᠠᠪᠠᠢ ᠳᠤ ᠲᠣᠭᠤᠷᠢᠨ ᠦᠵᠡᠵᠦ ᠲᠤᠷᠰᠢᠯᠭ᠎ᠠ ᠰᠤᠯᠢᠯᠴᠠᠵᠠᠢ᠃  ᠭᠤᠷᠪᠠᠨ ᠡᠳᠦᠷ ᠤᠨ ᠬᠤᠭᠤᠴᠠᠭ᠎ᠠ ᠲᠠᠢ ᠡᠨᠡ  ᠤᠳᠠᠭᠠᠨ ᠤ ᠬᠤᠷᠠᠯ ᠢ ᠭᠤᠣᠯᠳᠠᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ︽ᠡᠷᠬᠢᠨ ᠬᠠᠷᠠᠬᠤ︾ ᠠᠵᠢᠯ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ  ᠵᠠᠰᠠᠬᠤ ᠠᠵᠢᠯ ᠤᠨ ᠲᠤᠭᠤᠷᠢᠨ ᠳᠤ ᠥᠷᠨᠢᠭᠦᠯᠵᠦ᠂  ᠰᠤᠭᠤᠴᠢᠨ ᠪᠠᠶᠢᠴᠠᠭᠠᠬᠤ᠂ ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠡᠷᠦᠭᠡ ᠳᠤ ᠬᠦᠷᠴᠦ ᠰᠤᠷᠪᠤᠯᠵᠢᠯᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠂ ᠳ᠋ᠦᠩᠨᠡᠯᠳᠡ ᠬᠢᠵᠦ ᠲᠤᠷᠰᠢᠯᠭ᠎ᠠ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃ ᠲᠤᠭᠤᠷᠢᠨ ᠦᠵᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠳ᠋ᠦᠩᠨᠡᠯᠲᠡ ᠶᠢᠨ ᠬᠤᠷᠠᠯ ᠬᠢᠵᠦ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢ ᠠᠵᠢᠯ ᠢᠶᠠᠨ ᠬᠠᠷᠢᠭᠤ  ᠮᠡᠳᠡᠬᠦᠯᠦᠨ᠂ ᠭᠠᠵᠠᠷ ᠤᠨ ᠳᠡᠰ ᠤᠨ ᠤᠳᠤᠷᠢᠳᠤᠯᠭ᠎ᠠ ᠨᠠᠷ ᠲᠤᠭᠤᠷᠢᠨ ᠦᠵᠡᠭᠰᠡᠨ ᠪᠠᠶᠢᠳᠠᠯ ᠢ ᠦᠨᠳᠦᠰᠦᠯᠡᠨ ᠦᠨᠡᠯᠡᠯᠲᠡ ᠬᠢᠵᠦ᠂  2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠳ᠋ᠦᠩᠨᠡᠬᠦ ᠪᠤᠯᠤᠨ᠎ᠠ᠃  ᠡᠨᠡ ᠬᠦ᠋ ᠠᠵᠢᠯᠯᠠᠭ᠎ᠠ ᠪᠠᠷ ᠲᠠᠮᠵᠢᠨ᠂ ᠡᠯ᠎ᠡ ᠰᠤᠮᠤ ᠰᠢᠶᠠᠩ ᠪᠠᠯᠭᠠᠰᠤᠨ ᠤ ᠲᠡᠷᠢᠭᠦᠨ ᠤ ᠬᠢ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ᠠᠰᠠᠭᠤᠳᠠᠯ ᠤᠨ ᠲᠣᠭᠤᠷᠢᠨ ᠳᠤ ᠳᠤᠲᠠᠭᠤᠳᠠᠯ ᠢᠶᠠᠨ ᠨᠦᠬᠦᠪᠦᠷᠢᠯᠡᠨ᠂ ᠣᠨᠴᠠᠯᠢᠭ ᠢ ᠲᠣᠪᠤᠶᠢᠯᠭᠠᠨ ᠲᠤᠷᠠᠶᠢᠮ᠎ᠠ ᠴᠡᠭ ᠢ ᠡᠭᠦᠳᠴᠦ᠂ ᠠᠵᠢᠯ ᠤᠨ ᠰᠠᠭᠤᠷᠢ ᠪᠠᠨ ᠤᠯᠠᠮ ᠪᠠᠳᠤᠳᠬᠠᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号