ᠦᠨᠳᠦᠰᠦᠲᠡᠨ ᠤ ᠲᠥᠷᠥ  ᠶᠢᠨ ᠪᠣᠳᠣᠯᠭ᠎ᠠ ᠶᠢ ᠦᠨᠳᠦᠰᠦᠨ ᠱᠠᠳᠤᠨ ᠳᠤ ᠤᠬᠠᠭᠤᠯᠤᠨ᠎ᠠ
ᠨᠡᠶᠢᠲᠡᠯᠡᠭᠰᠡᠨ ᠴᠠᠭ᠄
2023/5/23
   5 ᠰᠠᠷ᠎ᠠ ᠪᠤᠯ ᠪᠥᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠤᠯᠤᠨ᠎ᠠ᠃  ᠲᠠᠶᠢᠹᠤᠰᠧ ᠬᠤᠰᠢᠭᠤ ᠨᠢ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠲᠦᠷᠢᠮ ᠤᠨ ᠤᠬᠠᠭᠤᠯᠭ᠎ᠠ ᠶᠢ ᠢᠳᠡᠪᠬᠢᠳᠡᠢ ᠦᠷᠨᠢᠬᠦᠯᠵᠦ᠂  ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠨᠢᠬᠡᠴᠡ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠵᠡᠷᠭᠡ ︽ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠦᠷᠨᠢᠬᠦᠯᠦᠨ᠂ ᠷᠠᠳᠢᠣ᠋ ᠲᠧᠯᠸᠢᠰ᠂ ᠰᠢᠨ᠎ᠡ ᠵᠠᠭᠤᠴᠢᠯᠠᠭᠤᠷ᠂ ᠣᠬᠤᠷ ᠸᠢᠳᠢᠤ᠋ ᠵᠡᠷᠭᠡ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠤᠨ ᠲᠤᠬᠠᠢ ᠵᠢᠷᠤᠭ ᠦᠰᠦᠭ᠂ ᠸᠢᠳᠢᠤ᠋ ᠪᠢᠴᠢᠯᠭᠡ ᠶᠢ ᠨᠡᠶᠢᠳᠡᠯᠡᠵᠦ᠂  ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠤᠨ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠲᠦᠷᠢᠮᠵᠢᠵᠦ᠂  ᠪᠠᠶᠢᠩᠭᠤᠵᠢᠬᠤ ᠶᠢ ᠯᠠᠪᠳᠠᠭᠤᠨ ᠪᠠᠲᠤᠲᠠᠢ  ᠠᠬᠢᠭᠤᠯᠵᠤ ᠪᠠᠶᠢᠨ᠎ᠠ᠃      ︽ᠠᠷᠠᠳ ᠤᠨ ᠵᠣᠭᠤᠰ ᠳᠡᠭᠡᠷ᠎ᠡ ᠬᠡᠳᠦᠨ ᠵᠦᠢᠯ ᠤᠨ ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠪᠠᠶᠢᠳᠠᠭ ᠪᠤᠢ︖︾ ︽ᠮᠠᠨ ᠤ ᠤᠯᠤᠰ ᠲᠤ ᠶᠠᠮᠠᠷ ᠶᠠᠮᠠᠷ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠠᠶᠢᠬᠤ ᠶᠢ ᠮᠡᠳᠡᠨ᠎ᠡ ᠤᠤ︖︾  ︽ᠲᠠᠪᠢᠨ ᠵᠢᠷᠭᠤᠭᠠᠨ ᠦᠨᠳᠦᠰᠦᠳᠡᠨ ᠪᠤᠯ ᠨᠢᠭᠡ ᠭᠡᠷ ᠤᠨ ᠬᠥᠮᠥᠨ᠂ ᠲᠠᠪᠢᠨ ᠵᠢᠷᠭᠤᠭᠠᠨ ᠠᠬ᠎ᠠ ᠡᠭᠡᠴᠢ ᠳᠡᠭᠦᠦ ᠶᠤᠮ︾᠂᠂᠂᠂᠂᠂  5 ᠰᠠᠷ᠎ᠠ ᠶᠢᠨ 18  ᠤ ᠡᠳᠦᠷ᠂ ᠪᠤᠤᠴᠠᠩ ᠪᠠᠯᠭᠠᠰᠤᠨ ᠤ ᠬᠤᠩ ᠱᠧᠩ ᠲᠣᠰᠬᠤᠨ ᠳᠤ  ᠪᠤᠯᠤᠭᠰᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠡᠭᠡᠷ᠎ᠡ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠲᠠᠩ ᠵᠧ ᠯᠢᠩ  ᠠᠴᠠ ᠲᠠᠷᠢᠶᠠᠴᠢᠳ ᠲᠤ ᠦᠨᠳᠦᠰᠦᠳᠡᠨ ᠤ ᠪᠦᠯᠬᠦᠮᠳᠡᠯ ᠤᠨ ᠲᠦᠷᠦ ᠶᠢᠨ ᠪᠣᠳᠣᠯᠭ᠎ᠠ ᠶᠢᠨ ᠲᠤᠬᠠᠢ ᠤᠬᠠᠭᠤᠯᠭ᠎ᠠ ᠲᠠᠶᠢᠯᠤᠮᠵᠢ ᠪᠠᠨ ᠡᠶᠢᠨ ᠬᠦ᠋ ᠡᠬᠢᠯᠡᠬᠦᠯᠦᠭᠰᠡᠨ ᠪᠠᠶᠢᠯ᠎ᠠ᠃  ᠲᠠᠩ ᠵᠧ ᠯᠢᠩ   ᠠᠴᠠ ᠡᠳᠦᠷ ᠳᠤᠳᠤᠮ ᠤᠨ ᠠᠮᠢᠳᠤᠷᠠᠯ ᠳᠤ ᠬᠡᠷᠡᠭᠯᠡᠵᠦ ᠪᠠᠶᠢᠭ᠎ᠠ ᠠᠷᠠᠳ ᠤᠨ ᠵᠣᠭᠤᠰ ᠤᠨ ᠲᠡᠭᠡᠷᠡᠬᠢ ᠵᠢᠷᠤᠭ ᠳᠦᠷᠰᠦ᠂ ᠦᠰᠦᠭ ᠪᠢᠴᠢᠭ ᠵᠡᠷᠭᠡ ᠪᠠᠷ ᠳᠠᠮᠵᠢᠭᠤᠯᠤᠨ᠂ ᠲᠣᠰᠬᠤᠨ ᠤ ᠠᠷᠠᠳ ᠢ ᠵᠢᠯᠤᠭᠤᠳᠴᠤ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠲᠦᠷᠢᠮ ᠢ ᠲᠠᠶᠢᠯᠪᠤᠷᠢᠯᠠᠭᠰᠠᠨ ᠪᠦᠭᠡᠳ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠬᠦᠨ ᠤ ᠦᠢᠯᠡ ᠠᠵᠢᠯᠯᠠᠭ᠎ᠠ ᠠᠴᠠ ᠲᠠᠨᠢᠯᠴᠠᠭᠤᠯᠵᠤ᠂ ᠥᠷᠭᠡᠨ ᠤᠯᠠᠨ ᠲᠠᠷᠢᠶᠠᠴᠢᠳ ᠲᠤ ︽ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠠᠷᠢᠯᠴᠠᠨ ᠰᠠᠯᠵᠤ ᠴᠢᠳᠠᠬᠤ ᠦᠭᠡᠢ︾  ᠬᠡᠮᠡᠬᠦ ᠣᠶᠢᠯᠠᠭᠠᠭᠳᠠᠬᠤᠨ ᠢ ᠤᠬᠠᠭᠤᠯᠵᠤ᠂ ᠨᠡᠩ ᠡᠷᠴᠢ ᠬᠦᠴᠦᠲᠡᠢ᠂ ᠨᠡᠩ ᠬᠠᠯᠠᠭᠤᠨ ᠳᠤᠯᠠᠭᠠᠬᠠᠨ ᠬᠡᠯᠪᠡᠷᠢ ᠪᠠᠷ ᠨᠠᠮ ᠤᠨ ᠲᠦᠷᠦ ᠶᠢᠨ ᠪᠣᠳᠣᠯᠭ᠎ᠠ ᠶᠢ  ᠤᠯᠠᠨ ᠲᠦᠮᠡᠨ ᠳᠤ ᠲᠠᠮᠵᠢᠭᠤᠯᠵᠠᠢ᠃     ᠲᠣᠰᠬᠤᠨ ᠤ ᠠᠷᠠᠳ ᠵᠠᠩ ᠾᠧ᠄  ︽ᠮᠠᠨ ᠤ ᠲᠣᠰᠬᠤᠨ ᠨᠢ ᠦᠨᠳᠦᠰᠦᠲᠡᠨ ᠤ ᠪᠦᠯᠬᠦᠮᠳᠡᠯ ᠤᠨ ᠬᠠᠮᠢᠶ᠎ᠠ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤ ᠦᠷᠨᠢᠬᠦᠯᠵᠦ᠂  ᠤᠬᠠᠭᠤᠯᠭ᠎ᠠ ᠶᠢᠨ ᠮᠠᠲ᠋ᠧᠷᠢᠶᠠᠯ  ᠲᠠᠷᠬᠠᠭᠠᠵᠤ ᠂  ᠬᠢᠴᠢᠶᠡᠯ ᠲᠠᠶᠢᠯᠤᠮᠵᠢ ᠬᠢᠬᠦ ᠶᠢᠨ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠳᠡᠭ ᠶᠤᠮ᠃ ᠥᠨᠥᠳᠥᠷ ᠲᠠᠩ ᠱᠦᠵᠢ ᠶᠢᠨ ᠦᠨᠳᠦᠰᠦᠲᠡᠨ ᠤ ᠪᠦᠯᠬᠦᠮᠳᠡᠯ ᠤᠨ ᠲᠤᠬᠠᠢ ᠤᠬᠠᠭᠤᠯᠭ᠎ᠠ ᠲᠠᠶᠢᠯᠤᠮᠵᠢ ᠶᠢ  ᠰᠤᠨᠤᠰᠤᠭᠠᠳ  ᠪᠠᠰᠠ ᠮᠠᠰᠢ  ᠶᠡᠭᠡ ᠣᠯᠣᠯᠲᠠ ᠲᠠᠢ ᠪᠣᠯᠵᠠᠢ︾᠃       ᠬᠤᠩ ᠱᠧᠩ ᠲᠣᠰᠬᠤᠨ ᠤ ᠨᠢᠭᠡᠳᠦᠭᠡᠷ ᠱᠦᠵᠢ ᠲᠠᠩ ᠵᠧ ᠯᠢᠩ᠄ ︽ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ  ᠂ ᠥᠨᠢ ᠡᠭᠦᠷᠢᠳᠡ ᠶᠢᠨ ᠭᠤᠣᠯ ᠰᠡᠳᠦᠪ ᠮᠥᠨ᠃ ᠭᠠᠭᠴᠠ ᠬᠦ ᠦᠨᠳᠦᠰᠦᠲᠡᠨ ᠤ ᠪᠦᠯᠬᠦᠮᠳᠡᠯ  ᠢ ᠰᠠᠶᠢᠲᠤᠷ ᠬᠠᠮᠠᠭᠠᠯᠠᠪᠠᠯ ᠠᠷᠠᠳ ᠤᠨ ᠠᠮᠢᠳᠤᠷᠠᠯ  ᠰᠠᠶ᠋ᠢ ᠰᠠᠶᠢᠵᠢᠷᠠᠵᠤ ᠴᠢᠳᠠᠨ᠎ᠠ᠂ ᠮᠠᠨ ᠤ ᠲᠣᠰᠬᠤᠨ ᠤ ᠬᠢᠨ ᠤᠯᠠᠨ ᠶᠠᠩᠵᠤ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠰᠤᠷᠤᠯᠴᠠᠯᠭ᠎ᠠ ᠶᠢᠨ ᠲᠥᠯᠥᠪᠯᠡᠭᠡ ᠳᠡᠭᠡᠨ ᠤᠷᠤᠭᠤᠯᠤᠨ᠂ ᠮᠠᠨ ᠤ ᠲᠣᠰᠬᠤᠨ ᠢᠶᠠᠨ ᠪᠦᠭᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠲᠣᠰᠬᠤᠨ ᠪᠣᠯᠭᠠᠬᠤ ᠪᠠ᠊ ᠴᠢᠷᠮᠠᠶᠢᠵᠤ  ᠪᠠᠶᠢᠨ᠎ᠠ︾᠃      ᠳᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠲᠤᠬᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠪᠤᠢ ᠪᠤᠯᠭᠠᠨ᠂  ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠶᠠᠷᠢᠵᠤ᠂ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ ᠢ ᠲᠡᠯᠬᠡᠷᠡᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠨᠠᠭᠰᠢᠳᠠ ᠪᠠᠳᠤᠳᠬᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号