ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠬᠦᠷᠭᠡᠵᠦ᠂ ᠣᠯᠠᠨ | ᠲᠦᠮᠡᠨ ᠳᠤ ᠬᠦᠷᠭᠡᠬᠦ ᠠᠵᠢᠯ ᠢ ᠪᠦᠲᠦᠮᠵᠢᠲᠡᠶ ᠠᠬᠢᠭᠤᠯᠵᠤ᠂ ᠪᠥᠬᠦ ᠰᠤᠮᠤᠨ ᠳᠤ ᠰᠠᠶᠢᠨ ᠰᠠᠶᠢᠬᠠᠨ ᠰᠤᠷᠤᠯᠴᠠᠯᠭ᠎ᠠ | ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ ᠬᠦᠨᠪᠤᠯᠠᠭ ᠰᠤᠮᠤᠨ ᠤ ᠮᠤᠳᠤᠨ ᠰᠦᠮ᠎ᠡ ᠂ | ᠪᠤᠮᠪᠠᠨ᠂ ᠱᠢᠪᠠᠷᠳᠤ᠂ ᠰᠢᠨᠠᠪᠤᠯᠠᠭ ᠵᠡᠷᠭᠡ ᠭᠠᠴᠠᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠡᠢ᠃ ᠰᠤᠮᠤᠨ ᠤ ᠨᠠᠮ ᠤᠨ ᠬᠤᠷᠢᠶᠠᠨ ᠤ | ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ᠂ ᠰᠤᠮᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠲᠠᠢ ᠬᠤᠯᠪᠤᠭᠳᠠᠭᠰᠠᠨ | ᠠᠭᠤᠯᠭ᠎ᠠ ᠳᠤ ᠨᠠᠷᠢᠨ ᠲᠠᠶᠢᠯᠤᠮᠵᠢ ᠬᠢᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠦᠨᠪᠤᠯᠠᠭ ᠰᠤᠮᠤ ᠨᠢ | ᠲᠥᠷᠥ ᠶᠢᠨ ᠪᠣᠳᠣᠯᠭ᠎ᠠ ᠣᠨᠣᠯ ᠤᠨ ᠤᠬᠠᠭᠤᠯᠭ᠎ᠠ ᠶᠢ ᠦᠷᠭᠦᠯᠵᠢᠯᠡᠨ ᠰᠠᠶᠢᠳᠤᠷ ᠥᠷᠨᠢᠭᠦᠯᠵᠦ᠂ ᠠᠷᠭ᠎ᠠ | ᠬᠡᠯᠪᠡᠷᠢ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠬᠦᠳᠦᠨ᠂ ᠤᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠢ ᠠᠷᠭ᠎ᠠ ᠬᠡᠯᠪᠡᠷᠢ ᠪᠠᠷ ᠨᠠᠮ ᠤᠨ ᠲᠠᠭᠤᠨ ᠢ ᠤᠯᠠᠮᠵᠢᠯᠠᠨ ᠲᠠᠮᠵᠢᠭᠤᠯᠵᠤ᠂ ᠤᠬᠠᠭᠤᠯᠭ᠎ᠠ ᠶᠢᠨ ᠬᠦᠷᠢᠶ᠎ᠡ | ᠬᠡᠪᠴᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠳᠠ ᠦᠬᠡᠢ ᠨᠡᠮᠡᠭᠳᠡᠬᠦᠯᠦᠨ᠂ ᠨᠠᠮ ᠤᠨ ᠣᠨᠣᠯ ᠵᠢᠴᠢ ᠡᠯ᠎ᠡ | ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠮᠠᠯᠵᠢᠬᠤ ᠤᠷᠤᠨ ᠳᠠᠭᠠᠨ ᠤᠯᠠᠮ | ᠰᠠᠶᠢᠨ ᠦᠨᠳᠦᠰᠦᠯᠡᠬᠦᠯᠵᠦ ᠴᠡᠴᠡᠭᠯᠡᠬᠦᠯᠵᠦ ᠵᠢᠮᠢᠰᠯᠡᠬᠦᠯᠬᠦ ᠪᠠᠷ ᠪᠠᠶᠢᠨ᠎ᠠ᠃ |