ᠶᠦᠩ ᠹᠧᠩ ᠪᠠᠯᠭᠠᠰᠤ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠯᠳᠡ ᠶᠢᠨ ᠠᠵᠢᠯ ᠳᠤ ᠶᠡᠭᠡ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2023/5/23
   ︽3.27︾  ᠤ ᠾᠧᠪᠸᠢ ᠶᠢᠨ ᠼᠠᠩ ᠵᠸᠦ ᠳᠠᠬᠢ ᠬᠠᠶᠠᠭᠳᠠᠮᠠᠯ ᠬᠥᠮᠥᠷᠭᠡ   ᠶᠢᠨ ᠬᠦᠨᠳᠦ ᠶᠡᠭᠡ ᠭᠠᠯ ᠤᠨ ᠠᠶᠤᠯ᠂  ︽4.18︾  ᠤ ᠪᠡᠭᠡᠵᠢᠩ ᠤᠨ ᠴᠠᠩ ᠹᠧᠩ ᠡᠮᠨᠡᠯᠭᠡ ᠶᠢᠨ ᠬᠤᠷᠢᠶᠠᠨ ᠤ ᠣᠨᠴᠠ ᠶᠡᠭᠡ ᠭᠠᠯ ᠤᠨ ᠠᠶᠤᠯ  ᠠᠴᠠ ᠰᠤᠷᠭᠠᠮᠵᠢ ᠠᠪᠴᠤ᠂ ᠣᠳᠣᠬᠠᠨ ᠤ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠠᠳᠬᠤᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠵᠠᠷᠴᠢᠮ ᠢ ᠪᠠᠷᠢᠮᠲᠠᠯᠠᠵᠤ᠂ ᠪᠦᠬᠦ ᠪᠠᠯᠭᠠᠰᠤᠨ ᠤ ᠪᠠᠨ ᠭᠠᠯ ᠰᠡᠷᠭᠡᠶᠢᠯᠡᠬᠦ ᠠᠵᠢᠯ ᠢ  ᠤᠯᠠᠮ ᠰᠠᠶᠢᠨ ᠬᠢᠬᠦ ᠶᠢᠨ ᠲᠦᠯᠦᠭᠡ᠂ 5 ᠰᠠᠷ᠎ᠠ ᠶᠢᠨ 18 ᠤ ᠡᠳᠦᠷ ᠶᠦᠩ ᠹᠧᠩ ᠪᠠᠯᠭᠠᠰᠤᠨ ᠤ ᠵᠠᠰᠠᠭ ᠤᠨ ᠤᠷᠤᠨ ᠨᠢ ᠬᠤᠰᠢᠭᠤᠨ ᠤ ᠭᠠᠯ ᠤᠨᠲᠠᠷᠠᠭᠠᠬᠤ ᠶᠡᠭᠡ ᠠᠩᠬᠢ᠂ ᠪᠠᠯᠭᠠᠰᠤᠨ ᠤ ᠲᠣᠮᠢᠯᠠᠭᠰᠠᠨ ᠰᠠᠯᠪᠤᠷᠢ  ᠲᠠᠢ ᠬᠠᠮᠲᠤᠷᠠᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠤᠨ ᠶᠡᠭᠡ ᠪᠠᠶᠢᠴᠠᠭᠠᠯᠲᠠ ᠶᠢ ᠬᠢᠵᠡᠢ᠃ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ  ᠬᠢᠨ ᠪᠠᠯᠭᠠᠰᠤᠨ ᠤ ᠬᠠᠷᠢᠶᠠᠨ ᠳᠠᠬᠢ ᠹᠧᠩ ᠲᠠᠢ ᠠᠭᠤᠷᠬᠠᠢ ᠶᠢᠨ ᠦᠢᠯᠡᠰ᠂ ᠰᠧ ᠬᠠᠢ ᠲᠡᠵᠢᠭᠡᠯ ᠪᠣᠷᠳᠣᠭᠠᠨ ᠤ ᠦᠢᠯᠡᠳᠪᠦᠷᠢ᠂ ᠰᠢᠩ ᠹᠦ᠋ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠨᠵᠡᠬᠡᠶᠢᠷᠡᠨ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠯᠳᠡ ᠶᠢᠨ  ᠲᠤᠬᠠᠢ ᠪᠠᠶᠢᠴᠠᠭᠠᠯᠲᠠ ᠬᠢᠵᠦ᠂ ᠲᠠᠩᠰᠠ ᠮᠠᠲ᠋ᠧᠷᠢᠶᠠᠯ᠂  ᠪᠠᠭᠠᠵᠢ ᠲᠥᠬᠦᠭᠡᠷᠦᠮᠵᠢ ᠪᠠ ᠭᠤᠣᠯᠳᠠᠯᠭ᠎ᠠ ᠲᠠᠢ ᠡᠳ᠋ ᠪᠣᠳᠠᠰ ᠢ ᠪᠠᠶᠢᠴᠠᠭᠠᠨ ᠦᠵᠡᠬᠦ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ  ᠠᠶᠤᠯᠬᠦᠢ ᠦᠢᠯᠡᠳᠪᠦᠷᠢᠯᠡᠯ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ  ᠰᠡᠷᠭᠡᠶᠢᠯᠡᠬᠦ ᠠᠮᠤᠷ ᠲᠦᠪᠰᠢᠨ ᠤ ᠪᠠᠶᠢᠳᠠᠯ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠤᠶᠢᠯᠠᠭᠠᠪᠠ  ᠃ ᠡᠭᠦᠨ ᠤ ᠬᠠᠮᠲᠤ  ᠂  ᠪᠠᠯᠭᠠᠰᠤᠨ ᠤ ᠬᠠᠷᠢᠶᠠᠨ ᠳᠠᠬᠢ ᠲᠣᠰᠣ ᠨᠡᠮᠡᠬᠦ ᠥᠷᠲᠡᠭᠡ᠂  ᠬᠤᠭᠤᠯᠠᠨ ᠭᠡᠷ᠂ ᠳᠡᠯᠭᠡᠭᠦᠷ ᠬᠤᠳᠠᠯᠳᠤᠭ᠎ᠠ ᠪᠠᠷ ᠬᠦᠨᠵᠡᠬᠡᠶᠢᠷᠡᠵᠦ᠂  ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠪᠡᠯᠡᠳᠭᠡᠵᠦ ᠲᠦᠬᠦᠷᠵᠢᠬᠦᠯᠦᠭᠰᠡᠨ ᠪᠠ ᠲᠣᠭᠲᠠᠮᠠᠯ ᠬᠤᠭᠤᠴᠠᠭ᠎ᠠ ᠲᠠᠢ ᠠᠷᠠᠴᠢᠯᠠᠵᠤ ᠬᠠᠮᠠᠭᠠᠯᠠᠭᠰᠠᠨ ᠡᠰᠡᠬᠦ  ᠂  ᠠᠶᠤᠯ ᠠᠴᠠ ᠵᠠᠶᠢᠯᠠᠬᠤ  ᠡᠬᠦᠳᠡ ᠵᠠᠮ ᠨᠢ ᠰᠠᠭᠠᠳ ᠦᠭᠡᠢ ᠨᠡᠪᠲᠡᠷᠡᠭᠰᠡᠨ ᠡᠰᠡᠬᠦ᠂ ᠭᠠᠯ ᠤᠨᠲᠠᠷᠠᠭᠠᠬᠤ ᠪᠠᠭᠠᠵᠢ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠲᠥᠬᠦᠭᠡᠷᠦᠮᠵᠢ ᠨᠢ ᠪᠦᠷᠢᠨ ᠪᠦᠲᠦᠨ ᠡᠰᠡᠬᠦ  ᠶᠢ ᠪᠦᠬᠦ ᠲᠠᠯ᠎ᠠ ᠪᠠᠷ ᠨᠠᠷᠢᠨ ᠪᠠᠶᠢᠴᠠᠭᠠᠭᠰᠠᠨ ᠪᠠᠶᠢᠨ᠎ᠠ᠃ ᠠᠵᠢᠯᠳᠠᠳ  ᠠᠴᠠ  ᠂ ᠣᠷᠣᠰᠢᠵᠤ ᠪᠠᠶᠢᠭ᠎ᠠ ᠠᠮᠤᠷ ᠲᠦᠪᠰᠢᠨ ᠤ ᠭᠡᠮ ᠰᠣᠭᠤᠭ ᠢ  ᠲᠤᠬᠠᠢ ᠶᠢᠨ ᠲᠠᠯᠠᠪᠤᠷ ᠲᠤ ᠵᠢᠭᠠᠨ ᠭᠠᠷᠭᠠᠵᠤ ᠂  ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠲᠣᠳᠣᠷᠬᠠᠶᠢᠯᠠᠵᠤ᠂ ᠠᠶᠤᠯᠭᠦᠢ ᠦᠢᠯᠡᠳᠪᠦᠷᠢᠯᠡᠯ ᠤᠨ ᠦᠵᠡᠯᠲᠡ ᠪᠠᠨ ᠴᠢᠩᠭᠠᠳᠬᠠᠨ᠂  ᠠᠯᠮᠠᠶᠢᠷᠠᠵᠤ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠬᠠᠷᠠᠬᠤ ᠪᠤᠳᠤᠯ ᠰᠡᠳᠬᠢᠯ ᠢ ᠡᠷᠡᠰ ᠲᠡᠪᠴᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠳᠡᠢ ᠬᠡᠵᠦ ᠴᠢᠩᠭ᠎ᠠ ᠱᠠᠭᠠᠷᠳᠠᠵᠠᠢ᠃  ᠡᠨᠡ ᠤᠳᠠᠭᠠᠨ ᠤ ᠶᠡᠭᠡ ᠪᠠᠶᠢᠴᠠᠭᠠᠯᠲᠠ ᠪᠠᠷ ᠲᠠᠮᠵᠢᠭᠠᠳ᠂ ᠨᠢᠬᠡ ᠪᠦᠯᠦᠭ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠵᠤ ᠠᠬᠤᠶᠢᠯᠠᠯ᠂ ᠬᠤᠪᠢ ᠡᠷᠦᠬᠡ ᠶᠢᠨ ᠠᠶᠤᠯᠬᠦᠢ ᠦᠢᠯᠡᠳᠪᠦᠷᠢᠯᠡᠯ ᠪᠠ ᠭᠠᠯ  ᠰᠡᠷᠭᠡᠶᠢᠯᠡᠯᠳᠡ ᠶᠢᠨ ᠲᠤᠬᠠᠢ ᠦᠵᠡᠯ ᠤᠬᠠᠮᠰᠠᠷ ᠬᠢᠭᠡᠳ ᠮᠡᠳᠡᠯᠭᠡ ᠴᠢᠳᠠᠪᠤᠷᠢ  ᠶᠢ  ᠤᠯᠠᠮ ᠨᠢᠬᠡ ᠠᠯᠬᠤᠮ ᠲᠡᠭᠡᠭᠰᠢᠯᠡᠬᠦᠯᠦᠭᠡᠳ᠂ ᠪᠦᠬᠦ  ᠪᠠᠯᠭᠠᠰᠤᠨ ᠤ  ᠠᠶᠤᠯᠬᠦᠢ ᠦᠢᠯᠡᠳᠪᠦᠷᠢᠯᠡᠯ ᠪᠠ ᠭᠠᠯ ᠰᠡᠷᠭᠡᠶᠢᠯᠡᠯᠳᠡ ᠶᠢᠨ ᠠᠵᠢᠯ ᠳᠤ ᠪᠠᠲᠤ ᠪᠠᠬᠢ ᠰᠠᠭᠤᠷᠢ   ᠶᠢ ᠲᠠᠯᠪᠢᠭᠰᠠᠨ ᠪᠠᠶᠢᠨ᠎ᠠ᠃  
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号