ᠲᠠᠶᠢᠹᠤᠰᠧ ᠬᠤᠰᠢᠭᠤᠨ ᠤ ᠲᠣᠭᠤᠷᠢᠨ ᠦᠵᠡᠵᠦ ᠲᠤᠷᠰᠢᠯᠭ᠎ᠠ ᠰᠤᠯᠢᠯᠴᠠᠬᠤ ᠠᠵᠢᠯᠯᠠᠭ᠎ᠠ ᠠᠮᠵᠢᠯᠳᠠ ᠲᠠᠢ ᠶᠠᠪᠤᠭᠳᠠᠨ᠎ᠠ
ᠨᠡᠶᠢᠲᠡᠯᠡᠭᠰᠡᠨ ᠴᠠᠭ᠄
2023/5/24
   5 ᠰᠠᠷ᠎ᠠ ᠶᠢᠨ 22  ᠤᠨ ᠡᠳᠦᠷ ᠠᠴᠠ 23  ᠤ ᠡᠳᠦᠷ ᠪᠣᠯᠲᠠᠯ᠎ᠠ᠂  ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠪᠦᠯᠬᠦᠮ ᠤᠷᠢᠳ ᠬᠤᠵᠢᠳ ᠴᠢᠶᠠᠨ ᠶᠢᠨ ᠭᠧᠦ ᠪᠠᠯᠭᠠᠰᠤᠨ ᠤ ᠮᠢᠨ ᠵᠦᠩ ᠲᠣᠰᠬᠤᠨ᠂ ᠴᠠᠪ ᠨᠠᠭᠤᠷ ᠲᠣᠰᠬᠤᠨ᠂ ᠴᠠᠩ ᠱᠧᠩ ᠲᠣᠰᠬᠤᠨ᠂ ᠯᠢᠨ ᠲᠠᠨ ᠲᠣᠰᠬᠤᠨ᠂ ᠴᠢ ᠬᠤᠤ ᠲᠣᠰᠬᠤᠨ᠂ ᠰᠧ ᠯᠢᠶᠠᠨ ᠲᠣᠰᠬᠤᠨ᠂ ᠯᠦᠸᠧ ᠲᠦᠸᠧ ᠱᠠᠨ ᠪᠠᠯᠭᠠᠰᠤᠨ ᠤ   ᠡᠷᠳᠡᠮᠳᠦ ᠲᠣᠰᠬᠤᠨ᠂  ᠯᠦᠸᠧ ᠲᠦᠸᠧ ᠱᠠᠨ ᠲᠣᠰᠬᠤᠨ᠂ ᠰᠢ ᠾᠧ ᠶᠠᠨ ᠲᠣᠰᠬᠤᠨ᠂  ᠾᠸᠦ ᠱᠠᠨ ᠢ ᠲᠣᠰᠬᠤᠨ᠂ ᠪᠠᠶᠠᠨᠪᠤᠯᠠᠭ ᠲᠣᠰᠬᠤᠨ  ᠂  ᠶᠦᠩ ᠹᠧᠩ ᠪᠠᠯᠭᠠᠰᠤᠨ ᠤ  ᠮᠠᠨ ᠲᠧᠦ ᠭᠧᠦ ᠲᠣᠰᠬᠤᠨ ᠂ ᠲᠧᠦ ᡁᠢ ᠵᠢᠶᠠᠨ ᠲᠣᠰᠬᠤᠨ  ᠂ ᠪᠤᠤᠴᠠᠩ ᠪᠠᠯᠭᠠᠰᠤᠨ ᠤ ᠦ᠋ ᠵᠢᠩ ᠲᠣᠰᠬᠤᠨ᠂ ᠰᠢᠶᠠᠩ ᠶᠠᠩ ᠲᠣᠰᠬᠤᠨ᠂ ᠦ᠋ ᠹᠦ᠋ ᠲᠣᠰᠬᠤᠨ᠂ ᠬᠦᠨᠪᠤᠯᠠᠭ ᠰᠤᠮᠤᠨ ᠤ ᠮᠦᠷᠬᠦᠴᠡᠭ ᠭᠠᠴᠠᠭ᠎ᠠ᠂ ᠵᠢᠷᠠᠨ ᠤᠰᠤ ᠭᠠᠴᠠᠭ᠎ᠠ᠂ ᠦᠴᠢ ᠤᠪᠤᠭ᠎ᠠ ᠭᠠᠴᠠᠭ᠎ᠠ᠂  ᠬᠠᠶᠢᠷᠠᠳᠤ ᠭᠠᠴᠠᠭ᠎ᠠ᠂ ᠰᠢᠩ ᠹᠦ᠋ ᠰᠢᠶᠠᠩ ᠤᠨ  ᠬᠤᠩ ᠭᠧ ᠲᠣᠰᠬᠤᠨ᠂ ᠶᠦᠩ ᠵᠢᠦ ᠲᠣᠰᠬᠤᠨ᠂ ᠭᠤᠸᠠᠩ ᠮᠢᠩ ᠲᠣᠰᠬᠤᠨ᠂ ᠶᠢᠨ ᠵᠠᠨ ᠲᠣᠰᠬᠤᠨ᠂  ᠴᠦᠩ ᠭᠤᠸᠠᠩ ᠲᠣᠰᠬᠤᠨ᠂ ᠶᠦᠩ ᠸᠠᠩ ᠲᠣᠰᠬᠤᠨ ᠳᠤ ᠬᠦᠷᠴᠦ᠂  ᠲᠠᠨᠢᠯᠴᠠᠭᠤᠯᠭ᠎ᠠ ᠶᠢ ᠰᠣᠨᠣᠰᠬᠤ᠂  ᠲᠣᠭᠤᠷᠢᠨ ᠦᠵᠡᠬᠦ᠂ ᠡᠷᠦᠬᠡ ᠳᠤ ᠤᠷᠤᠵᠤ ᠰᠤᠷᠪᠤᠯᠵᠢᠯᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠨᠢᠭᠡᠳᠦᠭᠡᠷ ᠤᠯᠠᠷᠢᠯ ᠤᠨ ︽ᠭᠤᠣᠯᠳᠠᠯᠭ᠎ᠠ ᠲᠠᠢ ᠬᠥᠮᠥᠰ︾᠂  ᠠᠶᠤᠯᠬᠦᠢ ᠤᠰᠤ ᠤᠮᠳᠠ ᠪᠠ ᠠᠶᠤᠯᠬᠦᠢ ᠣᠷᠣᠨ ᠰᠠᠭᠤᠴᠠ᠂ ᠡᠮᠨᠡᠯᠬᠡ ᠶᠢᠨ ᠳᠠᠭᠠᠳᠬᠠᠯ ᠂ ᠠᠵᠢᠯ ᠤᠯᠤᠯᠳᠠ᠂ ᠬᠦᠷᠢᠶ᠎ᠡ ᠬᠠᠰᠢᠶᠠᠨ ᠤ ᠠᠵᠤ ᠠᠬᠤᠢ  ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠡᠳ᠋ ᠬᠥᠷᠥᠩᠭᠡ ᠶᠢᠨ ︽ᠭᠤᠷᠪᠠᠨ ᠲᠠᠩᠰᠠ︾  ᠂ ︽ᠡᠷᠬᠢᠨ ᠬᠠᠷᠠᠬᠤ︾  ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ︽ᠡᠭᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ︾᠂ ᠬᠤᠪᠢ ᠬᠤᠷᠠᠮᠳᠤᠭᠤᠯᠬᠤ ᠳᠦᠷᠢᠮ ᠪᠠ ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ  ᠂ ᠵᠣᠷᠯᠣᠩ ᠤᠨ ᠦᠬᠡᠷᠡᠴᠢᠯᠡᠯᠳᠡ  ᠵᠡᠷᠭᠡ  ᠬᠠᠮᠢᠶ᠎ᠠ ᠪᠦᠬᠦᠢ ᠠᠵᠢᠯ ᠤᠨ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠤᠶᠢᠯᠠᠭᠠᠵᠠᠢ  ᠃  ᠡᠬᠦᠨ ᠳᠤ᠂ ᠴᠢᠶᠠᠨ ᠶᠢᠨ ᠭᠧᠦ ᠪᠠᠯᠭᠠᠰᠤᠨ ᠤ  ᠴᠢ ᠬᠤᠤ ᠲᠣᠰᠬᠤᠨ ᠤ ᠣᠷᠣᠰᠢᠨ  ᠰᠠᠭᠤᠷᠢᠰᠢᠬᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠥᠷᠲᠡᠭᠡ ᠂ ᠯᠥᠸᠧ ᠲᠦᠸᠧ ᠱᠠᠨ  ᠪᠠᠯᠭᠠᠰᠤᠨ ᠤ ᠯᠥᠸᠧ ᠲᠦᠸᠧ ᠱᠠᠨ ᠲᠣᠰᠬᠤᠨ ᠤ ᠣᠷᠴᠢᠨ ᠲᠣᠭᠤᠷᠢᠨ ᠤ ᠴᠡᠪᠡᠷᠯᠡᠭᠡ ᠶᠢᠨ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠤᠨ ᠭᠠᠵᠠᠷ᠂ ᠪᠤᠤᠴᠠᠩ ᠪᠠᠯᠭᠠᠰᠤᠨ ᠤ ᠦ᠋ ᠵᠢᠩ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠲᠦᠷᠦᠯ ᠵᠦᠢᠯ᠂ ᠰᠢᠶᠠᠩ ᠶᠠᠩ ᠲᠣᠰᠬᠤᠨ ᠤ ᠨᠡᠬᠡᠮᠡᠯ  ᠤᠭᠤᠲᠠ ᠶᠢᠨ ᠦᠢᠯᠡᠳᠪᠦᠷᠢ᠂ ᠰᠢᠩ ᠹᠦ᠋ ᠰᠢᠶᠠᠩ ᠤᠨ ᠶᠦᠩ ᠸᠠᠩ ᠲᠣᠰᠬᠤᠨ ᠤ ᠵᠠᠭᠤᠨ ᠮᠦ ᠪᠤᠷᠴᠠᠭ ᠤᠨ ᠬᠦᠯᠡᠮᠵᠢ᠂  ᠴᠦᠩ ᠭᠤᠸᠠᠩ ᠲᠣᠰᠬᠤᠨ ᠤ ᠣᠷᠴᠢᠨ ᠲᠣᠭᠤᠷᠢᠨ ᠤ ᠴᠡᠪᠡᠷᠯᠡᠭᠡ ᠶᠢᠨ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ  ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠤ ᠬᠠᠮᠳᠤ᠂  ᠬᠠᠮᠢᠶ᠎ᠠ ᠪᠦᠬᠦᠢ ᠠᠵᠢᠯ ᠤᠨ ᠲᠤᠬᠠᠢ ᠬᠠᠷᠢᠭᠤ ᠮᠡᠳᠡᠬᠦᠯᠦᠯᠳᠡ ᠶᠢ ᠰᠣᠨᠣᠰᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号