︽ᠱᠠᠩᠨᠠᠯ ᠤᠨ ᠮᠥᠩᠭᠦ ︾ ᠪᠠᠨ ᠬᠠᠨᠳᠢᠪᠯᠠᠵᠤ ︽ᠲᠤᠰᠠᠯᠠᠮᠵᠢ ᠶᠢᠨ ᠮᠥᠩᠭᠦ︾  ᠪᠤᠯᠭᠠᠯ᠎ᠠ
ᠨᠡᠶᠢᠲᠡᠯᠡᠭᠰᠡᠨ ᠴᠠᠭ᠄
2023/5/24
    ᠰᠢᠶᠠ ᠺᠠᠢ ᠰᠢᠨ ᠪᠣᠯ ᠤᠷᠠᠨ ᠵᠢᠷᠤᠭ ᠤᠨ ᠲᠤᠰᠬᠠᠢ ᠮᠡᠷᠭᠡᠵᠢᠯ ᠰᠤᠷᠴᠤ ᠪᠠᠶᠢᠭ᠎ᠠ ᠣᠶᠤᠲᠠᠨ ᠶᠤᠮ᠂ 5 ᠰᠠᠷ᠎ᠠ   ᠶᠢᠨ 22 ᠤᠨ ᠡᠳᠦᠷ ᠲᠡᠷᠡ ᠥᠪᠡᠷ ᠤᠨ ᠰᠢᠷᠭᠠᠭᠤ ᠴᠢᠷᠮᠠᠶᠢᠯᠭ᠎ᠠ ᠪᠠᠷ ᠣᠯᠣᠭᠰᠠᠨ 2000 ᠲᠥᠭᠦᠷᠢᠭ ᠤᠨ ᠰᠤᠷᠤᠯᠭ᠎ᠠ   ᠶᠢᠨ ᠱᠠᠩᠨᠠᠯ ᠤᠨ ᠮᠥᠩᠭᠦ ᠪᠠᠷ ᠢᠶᠠᠨ ᠪᠢᠴᠢᠭ ᠤᠨ ᠬᠡᠷᠡᠭᠰᠡᠯ ᠬᠤᠳᠠᠯᠳᠤᠨ ᠠᠪᠴᠤ᠂  ᠦᠪᠡᠷ ᠤᠨ ᠡᠬᠡ ᠰᠤᠷᠭᠠᠭᠤᠯᠢ ᠪᠣᠯᠬᠤ ᠲᠠᠶᠢᠹᠤᠰᠧ ᠬᠤᠰᠢᠭᠤᠨ ᠤ ᠯᠦᠸᠧ ᠲᠦᠸᠧ ᠱᠠᠨ ᠪᠠᠭ᠎ᠠ ᠰᠤᠷᠭᠠᠭᠤᠯᠢ ᠳᠤ  ᠬᠠᠨᠳᠢᠪᠯᠠᠭᠰᠠᠨ ᠪᠠᠶᠢᠨ᠎ᠠ᠃    ︽ᠬᠡᠳᠦᠶᠢᠪᠡᠷ ᠭᠠᠳᠠᠨ᠎ᠠ ᠣᠷᠣᠨ ᠳᠤ ᠪᠠᠶᠢᠭ᠎ᠠ ᠪᠣᠯᠪᠠᠴᠤ ᠨᠤᠲᠤᠭ ᠤᠰᠤ ᠪᠠᠨ ᠢᠮᠠᠭᠳᠠ ᠰᠠᠨᠠᠭᠠᠯᠵᠠᠨ᠎ᠠ᠃ ᠡᠨᠡ ᠤᠳᠠᠭᠠᠨ ᠤ ᠱᠠᠩᠨᠠᠯ ᠤᠨ ᠮᠥᠩᠭᠦ ᠪᠠᠷ ᠢᠶᠠᠨ ᠡᠬᠡ ᠰᠤᠷᠭᠠᠭᠤᠯᠢ᠂ ᠨᠣᠮ ᠤᠨ ᠳᠡᠭᠦᠦ ᠨᠠᠷ ᠲᠠᠭᠠᠨ ᠨᠢᠭᠡ ᠬᠤᠪᠢ ᠬᠠᠶᠢᠷ᠎ᠠ ᠬᠠᠯᠠᠮᠵᠢ ᠪᠠᠨ ᠬᠦᠷᠭᠡᠭᠰᠡᠨ ᠨᠢ ᠮᠠᠰᠢ ᠠᠵᠠ ᠲᠠᠢ ᠰᠠᠨᠠᠭᠳᠠᠵᠤ ᠪᠠᠶᠢᠨ᠎ᠠ᠃  ᠡᠬᠦᠪᠡᠷ ᠲᠠᠮᠵᠢᠭᠠᠳ ᠲᠡᠳᠡᠨ ᠤ ᠰᠢᠷᠭᠠᠭᠤ ᠬᠠᠲᠠᠭᠤᠵᠢᠯᠲᠠᠢ ᠲᠡᠮᠡᠴᠡᠨ᠂ ᠬᠠᠶᠢᠷ᠎ᠠ ᠬᠠᠯᠠᠮᠵᠢ ᠶᠢᠨ ᠪᠤᠤᠬᠢᠶ᠎ᠠ ᠶᠢ  ᠲᠠᠮᠵᠢᠭᠤᠯᠵᠤ᠂ ᠨᠡᠶᠢᠭᠡᠮ ᠨᠡᠶᠢᠳᠡ  ᠶᠢᠨ ᠬᠠᠶᠢᠷ᠎ᠠ ᠬᠠᠯᠠᠮᠵᠢ ᠶᠢ ᠴᠢᠷᠮᠠᠶᠢᠨ ᠰᠤᠷᠤᠯᠴᠠᠵᠤ ᠤᠷᠤᠭᠰᠢᠯᠠᠨ ᠲᠠᠪᠰᠢᠬᠤ ᠶᠢᠨ ᠢᠶᠠᠨ ᠬᠥᠳᠡᠯᠭᠡᠬᠦ ᠬᠦᠴᠦᠨ ᠪᠣᠯᠭᠠᠵᠤ᠂  ᠡᠷᠳᠡ ᠨᠢᠬᠡ ᠡᠳᠦᠷ ᠤᠯᠤᠰ ᠤᠷᠤᠨ ᠪᠠ ᠨᠡᠶᠢᠭᠡᠮ ᠤᠨ ᠲᠤᠯᠭᠠᠭᠤᠷᠢ ᠬᠦᠴᠦᠨ ᠪᠣᠯᠬᠤ ᠳᠤᠨᠢ ᠵᠤᠷᠢᠬᠵᠢᠭᠤᠯᠤᠯ  ᠪᠤᠯᠭᠠᠬᠤ   ᠶᠢ ᠰᠠᠨᠠᠯ᠎ᠠ︾  ᠬᠡᠵᠦ ᠰᠢᠶᠠ ᠺᠠᠢ ᠰᠢᠨ ᠬᠡᠯᠡᠨᠡᠮ᠃    ᠡᠨᠡ ᠤᠳᠠᠭᠠᠨ ᠤ ᠬᠠᠨᠳᠢᠪ ᠢ ᠯᠦᠸᠧ ᠲᠦᠸᠧ ᠱᠠᠨ ᠪᠠᠭ᠎ᠠ ᠰᠤᠷᠭᠠᠭᠤᠯᠢ ᠶᠢᠨ 12 ᠰᠣᠷᠣᠭᠴᠢ ᠳᠤ ᠤᠯᠭᠤᠭᠰᠠᠨ ᠪᠠᠶᠢᠨ᠎ᠠ᠃ ᠡᠨᠡ ᠨᠢ ᠮᠥᠨᠴᠦ ᠲᠠᠶᠢᠹᠤᠰᠧ ᠬᠤᠰᠢᠭᠤᠨ ᠤ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠤᠬᠢᠶᠠᠨ ᠪᠠᠶᠢᠭᠤᠯᠤᠯᠲᠠ ᠠᠴᠠ ᠲᠠᠢ ᠫᠢᠩ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠬᠤᠯᠪᠤᠭᠠᠨ ᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠢ ᠳᠠᠭᠠᠭᠤᠯᠵᠤ ᠥᠷᠨᠢᠭᠦᠯᠦᠭᠰᠡᠨ ᠤᠳᠬ᠎ᠠ ᠠᠭᠤᠯᠭ᠎ᠠ ᠲᠠᠢ ᠬᠦᠳᠡᠯᠪᠦᠷᠢ ᠠᠵᠢᠯᠯᠠᠭᠠᠨ ᠤ ᠨᠢᠭᠡ ᠨᠢ  ᠪᠠᠶᠢᠭ᠎ᠠ ᠶᠤᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号