ᠬᠠᠶᠢᠷ᠎ᠠ ᠬᠠᠯᠠᠮᠵᠢ ᠬᠦᠷᠬᠡᠵᠦ ᠬᠦᠬᠡᠷᠦᠬᠦᠨ ᠪᠠᠭᠠᠴᠤᠳ ᠢ ᠵᠤᠷᠢᠬᠵᠢᠭᠤᠯᠪᠠ
ᠨᠡᠶᠢᠲᠡᠯᠡᠭᠰᠡᠨ ᠴᠠᠭ᠄
2023/5/25
   5 ᠰᠠᠷ᠎ᠠ ᠶᠢᠨ 23 ᠤ ᠡᠳᠦᠷ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠲᠠᠶᠢᠹᠤᠰᠧ ᠬᠤᠰᠢᠭᠤᠨ ᠤ ︽ᠬᠤᠨ  ᠭᠠᠯᠠᠭᠤ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠲᠠᠢ ᠬᠠᠮᠲᠤᠷᠠᠨ᠂ ᠪᠤᠤᠴᠠᠩ ᠤᠨ ᠬᠤᠶᠠᠳᠤᠭᠠᠷ ᠪᠠᠭ᠎ᠠ ᠰᠤᠷᠭᠠᠭᠤᠯᠢ ᠳᠤ ᠨᠡᠶᠢᠲᠡ 4000 ᠭᠠᠷᠤᠢ ᠲᠥᠭᠦᠷᠢᠭ ᠤᠨ ᠥᠷᠲᠡᠭ ᠪᠦᠬᠦᠢ ᠨᠣᠮ ᠪᠢᠴᠢᠭ ᠪᠠ ᠰᠤᠷᠤᠯᠭ᠎ᠠ ᠶᠢᠨ ᠬᠡᠷᠡᠭᠰᠡᠯ ᠢ ᠬᠦᠷᠭᠡᠵᠦ᠂ ᠪᠠᠭᠰᠢ ᠰᠤᠷᠤᠭᠴᠢᠳ  ᠢ ᠤᠷᠮᠠᠰᠢᠭᠤᠯᠤᠨ ᠪᠠᠶᠠᠷᠯᠠᠭᠤᠯᠤᠭᠰᠠᠨ ᠪᠠᠶᠢᠨ᠎ᠠ ᠃ ᠡᠭᠦᠨ ᠤ ᠬᠠᠮᠲᠤ᠂  ᠡᠨᠡ ᠬᠦ ᠬᠠᠶᠢᠷ᠎ᠠ ᠬᠠᠯᠠᠮᠵᠢ ᠶᠢ  ᠰᠤᠷᠤᠯᠭ᠎ᠠ ᠬᠢᠴᠢᠶᠡᠯ ᠤᠨ ᠢᠶᠠᠨ ᠬᠥᠳᠡᠯᠭᠡᠬᠦ ᠬᠦᠴᠦᠨ  ᠪᠤᠯᠭᠠᠵᠤ ᠬᠤᠪᠢᠷᠠᠭᠤᠯᠤᠨ᠂  ᠰᠢᠮᠳᠠᠨ ᠰᠤᠷᠤᠯᠴᠠᠵᠤ ᠤᠷᠤᠭᠰᠢᠯᠠᠨ ᠳᠠᠪᠰᠢᠵᠤ᠂ ᠪᠠᠶᠠᠷ ᠬᠥᠷ ᠲᠠᠢ ᠪᠠᠷ ᠦᠰᠦᠨ ᠪᠤᠶᠢᠵᠢᠳᠤᠭᠠᠢ ᠭᠡᠵᠦ ᠲᠤᠰᠠᠯᠠᠮᠵᠢ ᠭᠥᠷᠳᠡᠭᠰᠡᠨ ᠰᠤᠷᠤᠭᠴᠢᠳ ᠲᠤ ᠬᠦᠰᠡᠵᠡᠢ᠃ ᠬᠡᠦᠬᠡᠳ ᠤᠳ ᠴᠤ ᠲᠤᠰᠠᠯᠠᠮᠵᠢ  ᠬᠦᠷᠭᠡᠭᠰᠡᠳ ᠲᠤ ᠤᠯᠠᠭᠠᠨ ᠪᠦᠴᠡ ᠵᠡᠭᠦᠯᠭᠡᠵᠦ᠂ ᠴᠢᠩ ᠰᠡᠳᠬᠢᠯ ᠤᠨ ᠲᠠᠯᠠᠷᠬᠠᠯ ᠢᠶᠠᠨ ᠢᠯᠡᠳᠭᠡᠭᠰᠡᠨ ᠤ ᠬᠠᠮᠳᠤ ︽ ᠡᠳᠡᠭᠡᠷ ᠨᠤᠮ ᠪᠢᠴᠢᠭ ᠪᠠ ᠰᠤᠷᠤᠯᠭ᠎ᠠ   ᠶᠢᠨ ᠬᠡᠷᠡᠭᠰᠡᠯ   ᠢ ᠰᠠᠶᠢᠲᠤᠷ ᠬᠡᠷᠡᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠶᠢᠷ᠎ᠠ ᠬᠠᠯᠠᠮᠵᠢ   ᠶᠢ ᠬᠠᠷᠢᠭᠤᠯᠤᠨ᠂  ᠨᠡᠶᠢᠭᠡᠮ ᠵᠢᠷᠤᠮ ᠤᠨ ᠰᠠᠶᠢᠨ ᠵᠠᠯᠭᠠᠮᠵᠢᠯᠠᠭᠴᠢ ᠪᠣᠯᠬᠤ ᠪᠠᠷ ᠴᠢᠷᠮᠠᠶᠢᠨ᠎ᠠ︾ ᠭᠡᠵᠦ ᠢᠯᠡᠷᠭᠡᠶᠢᠯᠡᠵᠡᠭᠡᠭᠰᠡᠨ ᠪᠠᠶᠢᠨ᠎ᠠ᠃ ᠡᠨᠡ ᠤᠳᠠᠭ᠎ᠠ ᠶᠢᠨ ᠬᠠᠨᠳᠢᠪ ᠤᠨ ᠠᠵᠢᠯᠯᠠᠭ᠎ᠠ ᠨᠢ  ᠬᠠᠶᠢᠷ᠎ᠠ ᠶᠢᠨ ᠦᠷ᠎ᠡ ᠶᠢ ᠬᠡᠦᠬᠡᠳ ᠤᠨ ᠰᠡᠳᠬᠢᠯ ᠳᠤ ᠲᠠᠷᠢᠵᠤ᠂ ᠬᠡᠦᠬᠡᠳ ᠤᠳ ᠤᠨ ᠬᠦᠴᠢᠷ ᠪᠡᠷᠬᠡᠰᠢᠶᠡᠯ ᠠᠴᠠ ᠴᠦᠬᠦᠷᠡᠬᠦ ᠦᠭᠡᠢ᠂ ᠰᠢᠷᠭᠠᠭᠤ ᠬᠠᠲᠠᠭᠤᠵᠢᠯᠲᠠᠢ ᠤᠷᠤᠭᠰᠢᠯᠠᠨ ᠲᠠᠪᠰᠢᠵᠤ᠂ ᠨᠡᠶᠢᠭᠡᠮ ᠨᠡᠶᠢᠳᠡ ᠶᠢᠨ ᠬᠠᠶᠢᠷ᠎ᠠ ᠬᠠᠯᠠᠮᠵᠢ ᠶᠢ ᠬᠦᠴᠦᠯᠡᠨ  ᠴᠢᠷᠮᠠᠶᠢᠵᠤ ᠬᠠᠲᠠᠭᠤᠵᠢᠯᠲᠠᠢ ᠲᠡᠮᠡᠴᠡᠬᠦ ᠬᠥᠳᠡᠯᠭᠡᠬᠦ ᠬᠦᠴᠦᠨ ᠪᠤᠯᠭᠠᠨ᠂   ᠤᠯᠤᠰ ᠤᠷᠤᠨ ᠳᠠᠭᠠᠨ ᠬᠡᠷᠡᠭᠴᠡᠭᠡ ᠲᠠᠢ ᠴᠢᠳᠠᠪᠤᠷᠢᠲᠠᠨ ᠪᠤᠯᠵᠤ ᠬᠦᠮᠦᠵᠢᠬᠦ ᠳᠤᠨᠢ ᠶᠡᠭᠡᠭᠡᠨ ᠵᠤᠷᠢᠬᠵᠢᠭᠤᠯᠤᠯ ᠪᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号