ᠪᠤᠤᠴᠠᠩ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/5/25
  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠳᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠥᠯᠥᠭᠡ᠂  ᠤᠶᠢᠷ᠎ᠠ ᠳᠤ  ᠪᠤᠤᠴᠠᠩ ᠪᠠᠯᠭᠠᠰᠤᠨ ᠤ ᠬᠢᠨ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠬᠦᠷ ᠤᠨ ᠱᠦᠵᠢ  ᠨᠠᠷ ᠢ ᠵᠣᠬᠢᠶᠠᠨ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠬᠢᠵᠡᠢ᠃ ᠬᠤᠷᠠᠯ ᠳᠡᠭᠡᠷ᠎ᠡ᠂ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠶᠠᠩ ᠰᠢᠶᠣᠣ ᠬᠤᠢ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂  ᠬᠠᠮᠲᠤ ᠶᠢᠨ ᠴᠣᠭᠴᠠ ᠶᠢᠨ ᠤᠬᠠᠮᠰᠠᠷ ᠤᠨ ᠦᠨᠳᠦᠰᠦᠨ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ ᠬᠢᠭᠡᠳ ᠭᠤᠣᠯ ᠪᠣᠯᠬᠤ ᠠᠷᠭ᠎ᠠ ᠪᠠᠷᠢᠯ ᠤᠨ ᠲᠣᠭᠤᠷᠢᠨ ᠳᠤ ᠤᠬᠠᠭᠤᠯᠤᠨ  ᠲᠠᠶᠢᠯᠪᠤᠷᠢᠯᠠᠭᠰᠠᠨ ᠪᠦᠭᠡᠳ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠪᠠ᠃ ᠲᠡᠷᠡ ᠱᠠᠭᠠᠷᠳᠠᠬᠤ ᠳᠠᠭᠠᠨ᠂ ᠨᠠᠮ ᠤᠨ ᠡᠬᠦᠷ ᠤᠨ ᠱᠦᠵᠢ ᠨᠠᠷ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠠᠷ ᠠᠵᠠ ᠲᠣᠬᠢᠶᠠᠯ ᠪᠤᠯᠭᠠᠨ᠂ ︽ᠬᠤᠶᠠᠷ ᠵᠥᠪᠯᠡᠯ︾  ᠤᠨ ᠭᠡᠰᠢᠬᠦᠳ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢ ᠵᠣᠬᠢᠶᠠᠨ ᠪᠠᠶᠢᠭᠤᠯᠵᠤ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤ ᠦᠷᠨᠢᠬᠦᠯᠦᠨ᠂ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠪᠠ ᠤᠬᠠᠮᠰᠠᠷ ᠲᠠᠨᠢᠯᠳᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂  ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠳᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠨ᠂ ᠪᠦᠬᠦ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃  ᠬᠤᠷᠠᠯ ᠲᠡᠭᠡᠷ᠎ᠡ᠂  ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠯᠢᠦ ᠬᠤᠸᠠᠨ ᠴᠢᠩ   ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠳᠠᠭᠠᠭᠤᠯᠤᠨ  ᠰᠤᠷᠤᠯᠴᠠᠵᠤ᠂  ᠨᠢᠭᠡᠳᠦᠮᠡᠯ ᠹᠷᠣᠨᠲ ᠤᠨ ᠠᠵᠢᠯ ᠤᠨ ᠬᠤᠯᠪᠣᠭᠠᠴᠢᠨ ᠷᠧᠨ ᠵᠢᠶᠠ ᠢᠦᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ ᠳᠠᠭᠠᠭᠤᠯᠤᠨ ᠰᠤᠷᠤᠯᠴᠠᠵᠠᠢ᠃ ᠬᠤᠷᠠᠯ ᠳᠤ ᠤᠷᠤᠯᠴᠠᠭᠰᠠᠨ ᠨᠠᠮ ᠤᠨ  ᠡᠬᠦᠷ ᠱᠦᠵᠢ ᠨᠠᠷ ︽ ᠡᠨᠡ  ᠤᠳᠠᠭᠠᠨ ᠤ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠨᠢ ᠮᠠᠰᠢ ᠴᠢᠩᠭ᠎ᠠ ᠲᠦᠷᠦ ᠶᠢᠨ ᠪᠣᠳᠣᠯᠭ᠎ᠠ ᠶᠢᠨ ᠤᠨᠤᠯ ᠤᠨ ᠴᠢᠨᠠᠷ ᠲᠠᠢ ᠮᠦᠷᠳᠡᠭᠡᠨ ᠮᠠᠰᠢ ᠴᠢᠩᠭ᠎ᠠ ᠦᠢᠯᠡᠳᠦᠯᠭᠡ ᠶᠢᠨ ᠵᠢᠯᠤᠭᠤᠳᠬᠤ ᠴᠢᠨᠠᠷ ᠲᠠᠢ ᠪᠠᠶᠢᠵᠤ᠂ ᠪᠢᠳᠡᠨ ᠤ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠬᠦ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠳᠡᠭᠡᠳᠦ ᠱᠠᠲᠤᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠪᠠᠶᠢᠭ᠎ᠠ︾ ᠭᠡᠵᠦ ᠢᠯᠡᠳᠬᠡᠵᠡᠭᠡᠪᠡ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号