5 ᠰᠠᠷ᠎ᠠ ᠶᠢᠨ 24 ᠤ ᠡᠳᠦᠷ᠂ ᠦᠷᠦᠭᠤᠸᠠᠢ ᠤᠯᠤᠰ ᠤᠨ ᠴᠡᠪᠡᠷ ᠴᠢᠰᠤᠨ ᠤ ᠠᠳᠤᠭᠤᠨ ᠤ | ᠳᠠᠩᠰᠠᠯᠠᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠴᠡᠪᠡᠷ ᠴᠢᠰᠤᠨ ᠤ ᠤᠷᠤᠯᠳᠤᠭᠠᠨ ᠮᠤᠷᠢ | ᠲᠡᠵᠢᠬᠡᠨ ᠠᠷᠠᠴᠢᠯᠠᠬᠤ ᠨᠡᠶᠢᠭᠡᠮᠯᠢᠭ ᠤᠨ ᠬᠡᠷᠡᠭ ᠮᠡᠳᠡᠭᠴᠢᠳ ᠤᠨ ᠵᠥᠪᠯᠡᠯ ᠤᠨ ᠭᠡᠰᠢᠬᠦᠳ ᠵᠢᠴᠢ ᠳᠤᠮᠳᠠᠳᠤ | ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠶᠢᠹᠤᠰᠧ | ᠬᠤᠰᠢᠭᠤᠨ ᠤ ︽ᠬᠠᠭᠠᠨ ᠤ ᠠᠳᠤᠭᠤᠨ ᠵᠤᠰᠠᠭᠠᠯ︾ ᠵᠢᠭᠤᠯᠴᠢᠯᠠᠯ ᠤᠨ ᠣᠷᠣᠨ ᠳᠤ ᠢᠷᠡᠵᠦ ᠰᠢᠨᠵᠢᠯᠡᠨ | ᠪᠠᠶᠢᠴᠠᠭᠠᠵᠤ ᠲᠤᠷᠰᠢᠯᠭ᠎ᠠ ᠰᠤᠯᠢᠯᠴᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ | ᠬᠤᠰᠢᠭᠤ ᠳᠠᠷᠤᠭ᠎ᠠ ᠮᠠ ᠷᠦᠢ ᠮᠠᠨ ᠠᠵᠢᠯᠯᠠᠭ᠎ᠠ ᠳᠤ ᠤᠷᠤᠯᠴᠠᠪᠠ᠃ ᠦᠷᠦᠭᠤᠸᠠᠢ ᠶᠢᠨ ᠲᠠᠯ᠎ᠠ ᠶᠢᠨ ᠬᠢᠨ ︽ | ᠬᠠᠭᠠᠨ ᠤ ᠠᠳᠤᠭᠤᠨ ᠵᠤᠰᠠᠭᠠᠯ︾ ᠵᠢᠭᠤᠯᠴᠢᠯᠠᠯ ᠤᠨ ᠣᠷᠣᠨ ᠤ ᠠᠳᠤᠭᠤᠨ ᠤ ᠬᠠᠰᠢᠶ᠎ᠠ᠂ ᠠᠳᠤᠭᠤᠨ ᠤ | ᠡᠮᠨᠡᠯᠭᠡ ᠶᠢᠨ ᠭᠠᠵᠠᠷ᠂ ᠠᠳᠤᠭᠤᠨ ᠤ ᠦᠢᠯᠡᠰ ᠤᠨ ᠮᠦᠽᠧᠢ᠂ ᠵᠢᠭᠤᠯᠴᠢᠯᠠᠭᠴᠢᠳ ᠲᠤ ᠦᠢᠯᠡᠴᠢᠯᠡᠬᠦ ᠲᠥᠪ ᠵᠡᠷᠭᠡ | ᠦᠨᠳᠦᠰᠦᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠵᠦ᠂ ᠡᠭᠦᠯᠳᠡᠷ ᠤᠨ ᠠᠳᠤᠭᠤ ᠪᠣᠶᠢᠵᠢᠭᠤᠯᠬᠤ᠂ | ᠤᠷᠤᠯᠳᠤᠭᠠᠨ ᠨᠠᠭᠠᠳᠤᠮ ᠡᠷᠬᠢᠯᠡᠬᠦ ᠵᠡᠷᠭᠡ ᠤᠴᠢᠷ ᠶᠠᠪᠤᠳᠠᠯ ᠤᠨ ᠲᠤᠬᠠᠢ ᠪᠠᠶᠢᠳᠠᠯ ᠢ ᠣᠶᠢᠯᠠᠭᠠᠨ ᠲᠤᠷᠰᠢᠯᠭ᠎ᠠ ᠪᠠᠨ | ᠰᠣᠯᠢᠯᠴᠠᠵᠤ᠂ ᠡᠭᠦᠯᠳᠡᠷ ᠤᠨ ᠠᠳᠤᠭᠤ᠂ ᠦᠬᠡᠷ᠂ ᠬᠤᠨᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ᠂ ᠮᠠᠯᠵᠢᠯ ᠤᠨ ᠰᠠᠭᠤᠷᠢᠨ ᠭᠠᠵᠠᠷ ᠢ ᠪᠠᠶᠢᠭᠤᠯᠬᠤ᠂ ᠠᠷᠭ᠎ᠠ ᠮᠡᠷᠭᠡᠵᠢᠯ ᠢᠶᠠᠨ ᠬᠠᠷᠢᠯᠴᠠᠨ ᠰᠤᠯᠢᠯᠴᠠᠬᠤ᠂ | ᠬᠠᠮᠢᠶᠠᠷᠤᠯᠲᠠ ᠶᠢᠨ ᠵᠠᠭᠪᠤᠷ ᠢ ᠬᠠᠷᠢᠯᠴᠠᠨ ᠲᠣᠯᠢᠳᠠᠬᠤ ᠵᠡᠷᠭᠡ ᠲᠠᠯ᠎ᠠ ᠶᠢᠨ ᠲᠣᠭᠤᠷᠢᠨ ᠳᠤ ᠠᠩᠬ᠎ᠠ ᠠᠯᠬᠤᠮ ᠤᠨ | ᠵᠥᠪᠳᠡᠯᠴᠡᠭᠡ ᠬᠢᠭᠰᠡᠨ ᠪᠠᠶᠢᠨ᠎ᠠ᠃ ᠡᠨᠡ ᠤᠳᠠᠭᠠᠨ ᠤ ᠰᠢᠨᠵᠢᠯᠡᠨ ᠪᠠᠶᠢᠴᠠᠭᠠᠵᠤ ᠲᠤᠷᠰᠢᠯᠭ᠎ᠠ ᠰᠤᠯᠢᠯᠴᠠᠬᠤ | ᠠᠵᠢᠯᠯᠠᠭ᠎ᠠ ᠨᠢ ᠲᠠᠶᠢᠹᠤᠰᠧ ᠬᠤᠰᠢᠭᠤᠨ ᠤ ᠠᠳᠤᠭᠤᠨ ᠤ ᠠᠵᠤ ᠦᠢᠯᠡᠰ ᠢ ᠬᠦᠭᠵᠢᠬᠦᠯᠬᠦ ᠵᠢᠴᠢ ᠤᠯᠠᠨ ᠤᠯᠤᠰ ᠤᠨ | ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠳᠤ ᠰᠢᠨ᠎ᠡ ᠲᠤᠷᠰᠢᠯᠲᠠ ᠬᠠᠶᠢᠯᠳᠠ ᠬᠢᠪᠡ᠃ |