ᠲᠠᠶᠢᠹᠤᠰᠧ ᠬᠤᠰᠢᠭᠤ ᠬᠠᠶᠠᠭᠳᠠᠮᠠᠯ ᠬᠤᠷᠢᠶᠠᠬᠤ ᠥᠷᠲᠡᠭᠡᠨ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2023/5/26
  ᠭᠠᠯ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂  ᠠᠶᠤᠯ ᠬᠡᠮ ᠢ ᠬᠦᠢᠴᠡᠳ ᠠᠷᠢᠯᠭᠠᠬᠤ ᠶᠢᠨ ᠲᠤᠰᠠᠳᠠ᠂ 5 ᠰᠠᠷ᠎ᠠ ᠶᠢᠨ 24 ᠤ ᠡᠳᠦᠷ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ ᠶᠢᠨ ᠬᠢᠨ ᠬᠠᠷᠢᠶ᠎ᠠ ᠤᠷᠤᠨ  ᠤ ᠪᠠᠨ ᠬᠠᠶᠠᠭᠳᠠᠮᠠᠯ ᠡᠳ᠋ ᠬᠤᠷᠢᠶᠠᠬᠤ ᠦᠷᠳᠡᠨ᠎ᠡ ᠨᠦᠭᠦᠳ ᠲᠤ ᠬᠦᠨᠵᠡᠬᠡᠶᠢᠷᠡᠵᠦ᠂  ᠲᠦᠷᠢᠮ ᠲᠣᠭᠲᠠᠭᠠᠯ ᠠᠴᠠ ᠵᠥᠷᠢᠴᠡᠨ ᠪᠠᠷᠢᠯᠭ᠎ᠠ ᠪᠠᠷᠢᠭᠰᠠᠨ ᠡᠰᠡᠬᠦ᠂  ᠲᠦᠷᠢᠮ ᠲᠣᠭᠲᠠᠭᠠᠯ ᠠᠴᠠ ᠵᠥᠷᠢᠴᠡᠨ ᠰᠢᠲᠠᠮᠠᠬᠠᠢ ᠪᠣᠳᠠᠰ ᠣᠪᠣᠭᠠᠯᠠᠭᠰᠠᠨ ᠡᠰᠡᠬᠦ᠂ ᠴᠠᠬᠢᠯᠭᠠᠨ ᠲᠠᠮᠵᠢᠭᠤᠯᠬᠤ ᠬᠡᠢ ᠲᠠᠮᠵᠢᠭᠤᠯᠬᠤ ᠲᠦᠬᠦᠭᠡᠷᠦᠮᠵᠢ ᠶᠢ ᠱᠠᠭᠠᠷᠳᠠᠯᠭ᠎ᠠ ᠶᠤᠰᠤᠭᠠᠷ ᠤᠭᠰᠠᠷᠠᠭᠰᠠᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠳᠦᠨ ᠡᠰᠡᠬᠦ᠂ ᠭᠠᠯ ᠤᠨᠲᠠᠷᠠᠭᠠᠬᠤ ᠵᠠᠮ ᠨᠢ ᠰᠠᠭᠠᠳ ᠦᠬᠡᠢ ᠨᠡᠪᠳᠡᠷᠡᠭᠰᠡᠨ  ᠡᠰᠡᠬᠦ ᠵᠡᠷᠭᠡ ᠳᠤ ᠨᠠᠷᠢᠨ ᠨᠢᠮᠪᠠᠢ ᠪᠠᠶᠢᠴᠠᠭᠠᠯᠲᠠ ᠬᠢᠵᠡᠢ᠃ ᠪᠠᠶᠢᠴᠠᠭᠠᠯᠲᠠ ᠶᠢᠨ ᠳᠤᠮᠳᠠ  ᠂ ᠣᠯᠠᠩᠬᠢ ᠬᠠᠶᠠᠭᠳᠠᠮᠠᠯ ᠡᠳ᠋ ᠬᠤᠷᠢᠶᠠᠬᠤ ᠥᠷᠲᠡᠭᠡ ᠳᠤ ᠬᠠᠶᠠᠭᠳᠠᠮᠠᠯ ᠡᠳ᠋ ᠤᠨ ᠲᠥᠷᠥᠯ  ᠢᠯᠭᠠᠯ ᠲᠣᠳᠣᠷᠬᠠᠢ ᠦᠭᠡᠢ᠂  ᠠᠵᠢᠯᠳᠠᠨ ᠤ ᠭᠠᠯ ᠰᠡᠷᠭᠡᠶᠢᠯᠡᠬᠦ ᠤᠬᠠᠮᠰᠠᠷ ᠠᠨᠠᠢ᠂ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠪᠤᠰᠤ ᠵᠡᠷᠭᠡ ᠪᠠᠶᠢᠳᠠᠯ ᠣᠷᠣᠰᠢᠵᠤ ᠪᠠᠶᠢᠭ᠎ᠠ ᠶᠢ ᠢᠯᠡᠷᠡᠬᠦᠯᠵᠦ᠂  ᠡᠳᠡᠭᠡᠷ ᠠᠰᠠᠭᠤᠳᠠᠯ ᠳᠤ ᠴᠢᠭᠯᠡᠭᠦᠯᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠭᠠᠯ  ᠰᠡᠷᠭᠡᠶᠢᠯᠡᠬᠦ ᠬᠠᠷᠢᠭᠤᠴᠠᠯᠭ᠎ᠠ ᠶᠢᠨ ᠤᠬᠠᠮᠰᠠᠷ ᠪᠠ ᠠᠶᠤᠯ ᠬᠡᠮ ᠤᠨ ᠤᠬᠠᠮᠰᠠᠷ ᠢ ᠲᠡᠭᠡᠭᠰᠢᠯᠡᠬᠦᠯᠬᠦ ᠬᠥᠮᠦᠵᠢᠯ ᠬᠢᠭᠰᠡᠨ ᠪᠠᠶᠢᠨ᠎ᠠ᠃  ᠡᠨᠡ  ᠤᠳᠠᠭᠠᠨ ᠤ ᠪᠠᠶᠢᠴᠠᠭᠠᠯᠲᠠ ᠪᠠᠷ ᠲᠠᠮᠵᠢᠭᠠᠳ᠂ ᠠᠮᠤᠷ ᠲᠦᠪᠰᠢᠨ ᠤ  ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠬᠠᠶᠠᠭᠳᠠᠮᠠᠯ ᠡᠳ᠋ ᠬᠤᠷᠢᠶᠠᠬᠤ ᠦᠷᠳᠡᠭᠡᠨ ᠤ ︽ᠠᠷᠬᠠᠭ ᠬᠡᠮ︾ ᠢ ᠠᠷᠢᠯᠭᠠᠨ᠂  ᠦᠷᠳᠡᠭᠡᠨ ᠤ ᠠᠵᠢᠯᠳᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ   ᠢ ᠦᠨᠡᠨᠬᠦ ᠳᠡᠭᠡᠭᠰᠢᠯᠡᠭᠦᠯᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号