ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠭᠤᠷᠢᠨ ᠦᠵᠡᠵᠦ ᠲᠤᠷᠰᠢᠯᠭ᠎ᠠ ᠰᠤᠯᠢᠯᠴᠠᠬᠤ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/5/26
     5 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ  ᠠᠬᠤᠢ ᠲᠠᠯᠠᠪᠠᠢ ᠶᠢᠨ ᠬᠤᠷᠠᠯ ᠢ ᠬᠤᠷᠠᠯᠳᠤᠭᠤᠯᠵᠤ᠂  ᠲᠣᠭᠤᠷᠢᠨ ᠦᠵᠡᠵᠦ ᠲᠤᠷᠰᠢᠯᠭ᠎ᠠ ᠰᠤᠯᠢᠯᠴᠠᠬᠤ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠮᠵᠢᠯᠳᠠ ᠶᠢ ᠦᠵᠡᠵᠦ᠂ ᠵᠥᠷᠢᠶ᠎ᠡ  ᠶᠢ ᠡᠷᠢᠵᠦ᠂ ᠳᠡᠭᠡᠭᠰᠢᠯᠡᠯᠲᠡ ᠶᠢ ᠠᠬᠢᠭᠤᠯᠤᠨ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ  ᠳᠤ ᠪᠠᠳᠤᠯᠠᠭ᠎ᠠ ᠪᠤᠯᠭᠠᠭᠰᠠᠨ ᠪᠠᠶᠢᠨ᠎ᠠ᠃ ᠭᠤᠷᠪᠠᠨ ᠡᠳᠦᠷ ᠤᠨ ᠲᠤᠷᠰᠢ᠂ ᠬᠤᠷᠠᠯ ᠳᠤ ᠣᠷᠣᠯᠴᠠᠭᠰᠠᠳ 7 ᠰᠤᠮᠤ ᠰᠢᠶᠠᠩ  ᠪᠠᠯᠭᠠᠰᠤᠨ ᠤ34 ᠭᠠᠴᠠᠭ᠎ᠠ ᠲᠣᠰᠬᠤᠨ᠂ 130 ᠭᠠᠷᠤᠢ ᠡᠷᠦᠬᠡ ᠳᠤ  ᠬᠦᠨᠵᠡᠭᠡᠶᠢᠷᠡᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠠᠵᠤ ᠦᠢᠯᠡᠰ ᠤᠨ ᠬᠥᠭᠵᠢᠯᠲᠡ᠂  ᠣᠷᠴᠢᠨ ᠲᠣᠭᠤᠷᠢᠨ ᠤ ᠵᠠᠰᠠᠯᠳᠠ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠲᠣᠭᠤᠷᠢᠨ ᠦᠵᠡᠵᠦ᠂ ᠠᠵᠢᠯ ᠤᠨ  ᠠᠷᠭ᠎ᠠ ᠲᠤᠷᠰᠢᠯᠭ᠎ᠠ ᠪᠠᠨ ᠬᠠᠷᠢᠯᠴᠠᠨ ᠰᠣᠯᠢᠯᠴᠠᠵᠤ ᠬᠠᠷᠢᠯᠴᠠᠨ ᠰᠤᠷᠤᠯᠴᠠᠭᠰᠠᠨ ᠪᠠᠶᠢᠨ᠎ᠠ  ᠃ 24 ᠤ ᠡᠳᠦᠷ ᠤᠨ ᠦᠳᠡ ᠶᠢᠨ ᠬᠤᠶᠢᠨ᠎ᠠ  ᠪᠤᠯᠤᠭᠰᠠᠨ ᠳ᠋ᠦᠩᠨᠡᠯᠲᠡ ᠶᠢᠨ ᠬᠤᠷᠠᠯ  ᠲᠡᠭᠡᠷ᠎ᠡ 7 ᠰᠤᠮᠤ ᠰᠢᠶᠠᠩ ᠪᠠᠯᠭᠠᠰᠤᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠬᠢᠴᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ  ᠂ ᠬᠤᠷᠠᠯ ᠳᠤ ᠣᠷᠣᠯᠴᠠᠭᠰᠠᠨ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠠᠴᠠ ᠵᠠᠬ᠎ᠠ ᠲᠠᠷᠠᠭᠠᠯᠠᠨ ᠦᠨᠡᠯᠡᠯᠲᠡ ᠬᠢᠵᠡᠢ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠬᠤᠷᠠᠯ ᠢ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ ᠃ ᠬᠤᠷᠠᠯ ᠠᠴᠠ᠂ ︽ᠳᠥᠷᠪᠡ ᠶᠢ ᠦᠯᠦ ᠲᠠᠶᠠᠭᠳᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠭ᠎ᠠ ᠠᠪᠴᠢᠯ  ᠢᠶᠠᠨ ᠴᠢᠩᠭᠠᠳᠬᠠᠨ᠂  ᠵᠦᠷᠢᠶ᠎ᠡ  ᠲᠤᠳᠠᠭᠳᠠᠯ ᠢᠶᠠᠨ   ᠨᠦᠬᠦᠪᠦᠷᠢᠯᠡᠵᠦ᠂  ᠭᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠃ ︽ᠭᠤᠷᠪᠠ ᠶᠢ ᠪᠠᠲᠤᠯᠠᠬᠤ︾ ᠪᠠ ᠠᠶᠤᠯᠬᠦᠢ ᠤᠰᠤ ᠤᠮᠳᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠬᠤ ᠠᠵᠢᠯ ᠢ ᠥᠷᠨᠢᠭᠦᠯᠦᠨ᠂ ᠠᠰᠠᠭᠤᠳᠠᠯ ᠤᠨ ᠨᠠᠷᠢᠨ ᠲᠠᠩᠰᠠ ᠶᠢ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠨ ᠬᠢᠬᠦ ᠬᠡᠷᠡᠭᠲᠡᠢ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂  ᠤᠰᠤᠨ ᠤ ᠵᠠᠰᠠᠯᠳᠠ᠂ ᠪᠣᠬᠢᠷᠲᠤᠯ ᠤᠨ ᠵᠠᠰᠠᠯᠳᠠ᠂ ᠵᠣᠷᠯᠣᠩ ᠤᠨ ᠦᠬᠡᠷᠡᠴᠢᠯᠡᠯᠳᠡ᠂ ᠣᠷᠴᠢᠨ ᠲᠣᠭᠤᠷᠢᠨ ᠤ  ᠴᠡᠪᠡᠷᠯᠡᠭᠡ᠂  ᠤᠶᠢᠵᠢᠭᠤᠯᠤᠯᠳᠠ ᠨᠤᠭᠤᠭᠠᠷᠠᠭᠤᠯᠤᠯᠳᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂  ᠲᠠᠶᠢᠹᠤᠰᠧ ᠬᠤᠰᠢᠭᠤᠨ ᠤ ᠪᠠᠨ ᠣᠭᠲᠠᠷᠭᠤᠢ ᠶᠢ ᠨᠡᠩ ᠴᠡᠯᠮᠡᠭ᠂ ᠤᠰᠤ ᠶᠢ ᠨᠡᠩ ᠲᠤᠩᠭᠠᠯᠠᠭ᠂  ᠠᠭᠤᠯᠠ ᠶᠢ ᠨᠡᠩ ᠨᠣᠭᠤᠭᠠᠨ ᠪᠣᠯᠭᠠᠬᠤ ᠬᠡᠷᠡᠭᠲᠡᠢ᠃ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠣᠷᠣᠨ ᠰᠠᠭᠤᠴᠠ᠂ ᠤᠰᠤ ᠤᠮᠳᠠ᠂ ᠨᠠᠰᠤᠵᠢᠯ ᠤᠨ ᠠᠰᠠᠷᠠᠮᠵᠢ᠂ ᠢᠳᠡᠭᠡᠨ ᠤᠮᠳᠠᠭᠠᠨ ᠡᠮ ᠤᠨ ᠵᠦᠢᠯᠡᠰ᠂ ᠨᠡᠶᠢᠭᠡᠮ ᠤᠨ ᠠᠮᠤᠷ ᠲᠦᠪᠰᠢᠨ ᠵᠡᠷᠭᠡ ᠠᠰᠠᠭᠤᠳᠠᠯ ᠢ ᠴᠢᠩᠭ᠎ᠠ ᠠᠳᠬᠤᠨ᠂ ᠪᠣᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠭᠤᠷᠪᠠᠳᠠᠭᠢ ᠡᠲᠡᠭᠡᠳ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠠᠶᠢᠨ ᠰᠦᠪᠡᠭᠴᠢᠯᠡᠬᠦ ᠡᠷᠴᠢᠮ ᠢ ᠴᠢᠩᠭᠠᠷᠠᠭᠤᠯᠵᠤ᠂  ᠨᠡᠩ ᠰᠠᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠮᠠᠯᠴᠢᠨ ᠲᠠᠷᠢᠶᠠᠴᠢᠨ ᠤ ᠡᠬᠦᠳᠡᠨ ᠳᠤᠨᠢ ᠬᠦᠷᠬᠡᠵᠦ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷ᠎ᠡ ᠪᠦᠲᠦᠭᠡᠯ ᠢ ᠡᠳ᠋ᠯᠡᠭᠦᠯᠬᠦ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠭᠤᠣᠯ ᠬᠠᠷᠢᠭᠤᠴᠠᠯᠭᠠᠲᠠᠨ᠂ ᠰᠤᠮᠤ ᠰᠢᠶᠠᠩ  ᠪᠠᠯᠭᠠᠰᠤᠨ ᠤ ᠭᠤᠣᠯ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠲᠣᠭᠤᠷᠢᠨ ᠦᠵᠡᠵᠦ ᠲᠤᠷᠰᠢᠯᠭ᠎ᠠ ᠰᠤᠯᠢᠯᠴᠠᠬᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号