ᠬᠦᠳᠡᠭᠡ ᠲᠤᠰᠬᠤᠨ ᠤ ᠵᠠᠬ᠎ᠠ ᠠᠴᠠ ᠬᠦᠭᠵᠢᠯ ᠤᠨ ᠵᠠᠮ ᠰᠤᠨᠤᠯᠵᠠᠨ᠎ᠠ
ᠨᠡᠶᠢᠲᠡᠯᠡᠭᠰᠡᠨ ᠴᠠᠭ᠄
2023/5/29
    ︽ᠰᠢᠨ᠎ᠡ ᠰᠤᠷᠭᠤᠭ ᠲᠥᠪᠡᠳ ᠬᠠᠰᠢ ᠡ᠂ ᠬᠢᠮᠳᠠᠷᠠᠯ ᠲᠠᠢ ᠵᠠᠷᠤᠨ᠎ᠠ︾ ︽ ᠬᠠᠮᠤᠭ ᠠᠴᠠ ᠠᠮᠳᠠᠳᠠᠳᠠᠢ ᠠᠮᠲᠠᠲᠤ ᠬᠡᠮᠬᠡ ᠰᠢᠦ᠂  ᠠᠮᠰᠠᠵᠤ ᠦᠵᠡᠭᠡᠳ ᠰᠠᠶᠢᠬᠠᠨ ᠪᠤᠯ ᠠᠪᠤᠭᠠᠷᠠᠢ  ︾ ︽ᠲᠣᠭᠤᠭ᠎ᠠ ᠰᠢᠨᠠᠭ᠎ᠠ ᠰᠠᠪᠠ  ᠰᠠᠭᠤᠯᠭ᠎ᠠ  ᠂ ᠲᠠᠨ ᠤ ᠭᠡᠷᠡᠭᠰᠡᠬᠦ ᠶᠠᠭᠤᠮ᠎ᠠ ᠮᠢᠨᠦ ᠠᠳᠡ ᠪᠦᠷ ᠪᠠᠶᠢᠨ᠎ᠠ︾ ︽ᠴᠠᠭ ᠤᠨ ᠬᠤᠪᠴᠠᠰᠤ ᠶᠢ ᠴᠠᠭ ᠲᠤᠨᠢ ᠡᠮᠦᠰᠦᠨ᠎ᠡ ᠰᠢᠦ᠂  ᠵᠠᠬᠪᠤᠷ ᠨᠢ ᠭᠤᠶᠤ᠂ ᠴᠢᠨᠠᠷ ᠨᠢ ᠰᠠᠶᠢᠨ᠂ ᠦᠨ᠎ᠡ ᠨᠢ ᠬᠢᠮᠳᠠ︾᠂᠂᠂᠂  ᠂᠂  ᠯᠦᠸᠧ ᠲᠦᠸᠧ ᠱᠠᠨ ᠪᠠᠯᠭᠠᠰᠤᠨ ᠤ   ᠦᠷᠯᠦᠭᠡ ᠶᠢᠨ ᠵᠠᠬ᠎ᠠ ᠳᠤ ᠬᠦᠷᠬᠦᠶ᠎ᠡ  ᠂  ᠵᠢᠮᠢᠰ ᠨᠣᠭᠤᠭ᠎ᠠ᠂  ᠨᠤᠭᠤᠰᠤ ᠲᠠᠬᠢᠶ᠎ᠠ᠂ ᠬᠤᠪᠴᠠᠰᠤ ᠬᠤᠨᠠᠷ᠂  ᠭᠤᠳᠤᠯ ᠱᠠᠬᠠᠢ  ᠂  ᠲᠤᠭᠤᠭ᠎ᠠ ᠰᠢᠨᠠᠭ᠎ᠠ᠂᠂᠂᠂᠂᠂  ᠡᠯ᠎ᠡ ᠲᠥᠷᠥᠯ ᠤᠨ ᠪᠠᠷᠠᠭ᠎ᠠ ᠲᠠᠸᠠᠷ  ᠬᠠᠷᠠᠭ᠎ᠠ ᠲᠦᠬᠦᠷᠭᠡᠵᠦ᠂   ᠪᠠᠷᠠᠭ᠎ᠠ ᠲᠠᠨᠢᠯᠴᠠᠭᠤᠯᠬᠤ ᠳᠠᠭᠤᠨ ᠪᠠ ᠦᠨ᠎ᠡ ᠬᠠᠶᠠᠯᠴᠠᠬᠤ ᠳᠠᠭᠤᠨ ᠦᠷᠬᠦᠯᠵᠢᠯᠡᠭᠡᠳ ᠠᠷᠠᠯᠵᠢᠶᠠᠨ ᠤ ᠵᠠᠬ᠎ᠠ ᠬᠦᠷ ᠬᠥᠭᠵᠢᠶᠡᠨ ᠢᠶᠠᠷ ᠪᠢᠯᠬᠠᠨ᠎ᠠ᠃  ᠪᠠᠷᠠᠭ᠎ᠠ ᠬᠤᠳᠠᠯᠳᠤᠭᠴᠢᠳ ᠲᠤ ᠲᠤᠬᠠᠢ ᠶᠢᠨ ᠭᠠᠵᠠᠷ ᠪᠤᠶᠤ ᠬᠦᠷᠰᠢ ᠵᠡᠷᠭᠡᠯᠡᠳᠡᠭᠡ  ᠠᠶᠢᠯ ᠲᠣᠰᠬᠤᠨ ᠤ ᠲᠠᠷᠢᠶᠠᠴᠢᠨ᠂ ᠴᠢᠭᠤᠯᠤᠯᠲᠤ ᠬᠠᠭᠠᠯᠭ᠎ᠠ ᠵᠡᠷᠭᠡ ᠭᠠᠳᠠᠨ᠎ᠠ ᠤᠷᠤᠨ  ᠤ ᠬᠤᠳᠠᠯᠳᠤᠭᠠᠴᠢᠨ ᠪᠠᠶᠢᠬᠤ ᠳᠤ᠂  ᠬᠤᠳᠠᠯᠳᠤᠨ ᠠᠪᠤᠭᠴᠢᠳ ᠲᠤ ᠤᠶᠢᠷ᠎ᠠ ᠬᠠᠪᠢ ᠶᠢᠨ ᠠᠶᠢᠯ ᠲᠤᠰᠬᠤᠨ ᠤ ᠬᠦᠮᠦᠰ ᠠᠴᠠ ᠭᠠᠳᠠᠨ᠎ᠠ ᠪᠠᠰᠠ ᠬᠤᠯᠠ ᠬᠡᠵᠦ ᠪᠤᠳᠤᠯ ᠦᠬᠡᠢ ᠬᠤᠰᠢᠭᠤ ᠲᠤᠭᠤᠷᠢᠭ ᠠᠴᠠ ᠵᠤᠷᠢᠵᠤ ᠢᠷᠡᠭᠰᠡᠨ ᠬᠥᠮᠥᠰ ᠴᠤ  ᠪᠠᠶᠢᠯ᠎ᠠ᠃        ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠦ᠋ ᠲᠤᠤ᠄ ︽ ᠨᠢᠳᠤᠨᠤᠨ ᠵᠠᠮ ᠵᠠᠰᠠᠭᠰᠠᠨ ᠠᠴᠠ ᠬᠤᠶᠢᠰᠢ  ᠢᠷᠡᠬᠦ ᠬᠥᠮᠥᠨ ᠨᠡᠩ ᠤᠯᠠᠰᠢᠷᠠᠵᠠᠢ᠂ ᠠᠩᠬᠠᠨ ᠳᠠᠭᠠᠨ ᠵᠠᠬ᠎ᠠ ᠳᠡᠯᠭᠡᠭᠦᠷ ᠪᠠᠶᠢᠭ᠎ᠠ ᠦᠭᠡᠢ ᠪᠣᠯᠬᠤᠷ᠂  ᠪᠠᠷᠠᠭ᠎ᠠ ᠲᠠᠸᠠᠷ ᠢᠶᠠᠨ ᠵᠠᠮ ᠤᠨ ᠬᠤᠶᠠᠷ ᠲᠠᠯ᠎ᠠ ᠳᠤ  ᠲᠡᠯᠭᠡᠭᠡᠳ ᠵᠠᠮ ᠬᠠᠷᠢᠯᠴᠠᠭ᠎ᠠ  ᠪᠤᠶᠤ ᠬᠠᠮᠢᠶᠠᠷᠤᠯᠲᠠ ᠶᠢᠨ ᠠᠵᠢᠯ ᠳᠤ ᠮᠠᠰᠢ ᠳᠥᠭᠦᠮ ᠦᠭᠡᠢ ᠪᠠᠶᠢᠪᠠ᠃ 2021 ᠣᠨ ᠳᠤ ᠪᠢᠳᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠬᠦ ᠪᠠᠷ ᠲᠠᠮᠵᠢᠭᠠᠳ᠂ ᠵᠠᠮ ᠢ ᠦᠷᠭᠡᠳᠭᠡᠵᠦ ᠭᠠᠵᠠᠷ ᠢ ᠬᠠᠳᠠᠭᠤᠷᠠᠭᠤᠯᠤᠭᠰᠠᠨ ᠪᠦᠭᠡᠳ ᠦᠨ᠎ᠡ ᠲᠥᠯᠥᠪᠦᠷᠢ ᠦᠭᠡᠢ ᠪᠠᠷ ᠣᠷᠣᠨ ᠪᠠᠶᠢᠷᠢ ᠬᠠᠩᠭᠠᠵᠤ᠂ ᠨᠢᠭᠡᠳᠦᠯᠲᠡᠢ  ᠬᠠᠮᠢᠶᠠᠷᠴᠤ ᠲᠦᠷᠢᠮᠵᠢᠯ ᠲᠠᠢ ᠡᠵᠡᠩᠨᠡᠨ᠂ ᠣᠷᠴᠢᠨ ᠲᠣᠭᠤᠷᠢᠨ ᠤ  ᠠᠷᠢᠭᠤᠨ ᠴᠡᠪᠡᠷ ᠢ ᠴᠢᠩᠭᠠᠳᠬᠠᠵᠤ᠂  ᠠᠷᠠᠳ ᠤᠯᠠᠨ ᠳᠤ ᠶᠡᠬᠡᠬᠡᠨ ᠲᠦᠬᠦᠮ ᠦᠵᠡᠬᠦᠯᠦᠭᠰᠡᠨ ᠶᠤᠮ︾᠃     ᠯᠥᠸᠧ ᠲᠦᠸᠧ ᠱᠠᠨ ᠪᠠᠯᠭᠠᠰᠤᠨ ᠤ ᠠᠷᠠᠯᠵᠢᠶᠠᠨ ᠤ ᠵᠠᠬ᠎ᠠ ᠨᠢ ᠡᠨᠡ ᠮᠡᠳᠦ ᠪᠠᠷ ᠵᠢᠯ ᠤᠨ ᠳᠥᠷᠪᠡᠨ ᠤᠯᠠᠷᠢᠯ ᠳᠤ ᠬᠦᠮᠦᠨ ᠲᠠᠰᠤᠷᠠᠳᠠᠭ ᠦᠭᠡᠢ᠃ ᠡᠨᠡ ᠨᠢ ᠬᠥᠳᠡᠭᠡ ᠲᠣᠰᠬᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠳᠠᠶᠢᠴᠢᠯᠠᠵᠤ᠂ ᠠᠵᠤ ᠠᠬᠤᠢ ᠶᠢ  ᠬᠦᠭᠵᠢᠶᠡᠨ ᠲᠠᠢ ᠪᠣᠯᠭᠠᠭᠰᠠᠨ ᠮᠥᠷᠲᠡᠭᠡᠨ ᠠᠷᠠᠳ ᠢᠷᠭᠡᠳ ᠲᠤ ᠶᠡᠭᠡ ᠬᠡᠮᠵᠢᠶᠡᠨ  ᠤ ᠠᠰᠢᠭ ᠬᠦᠷᠳᠡᠭᠡᠵᠦ ᠳᠦᠭᠦᠮ ᠦᠵᠡᠭᠦᠯᠦᠭᠰᠡᠨ ᠪᠠᠶᠢᠨ᠎ᠠ᠃    ︽ᠥᠷᠯᠥᠭᠡ ᠲᠠᠪᠤᠨ ᠴᠠᠭ ᠤᠨ ᠦᠶ᠎ᠡ ᠪᠠᠷ ᠢᠷᠡᠵᠦ᠂ ᠦᠳᠡ ᠶᠢᠨ ᠨᠢᠭᠡ ᠴᠠᠭ ᠭᠠᠷᠤᠢ ᠪᠣᠯᠲᠠᠯ᠎ᠠ ᠰᠠᠭᠤᠳᠠᠭ᠂  ᠦᠨᠦᠳᠦᠷ ᠨᠢᠭᠡ ᠲᠡᠷᠭᠡ ᠭᠤᠸᠠ ᠲᠡᠭᠡᠭᠡᠵᠦ ᠢᠷᠡᠭᠰᠡᠨ ᠶᠤᠮ᠂  ᠪᠤᠷᠤᠯᠠᠭᠤᠯᠭ᠎ᠠ ᠶᠡᠭᠡ ᠰᠠᠶᠢᠨ ᠪᠠᠶᠢᠭ᠎ᠠ᠂ ᠪᠤᠰᠤᠳ ᠰᠢᠶᠠᠩ ᠪᠠᠯᠭᠠᠰᠤ ᠪᠠᠷ ᠴᠤ ᠲᠣᠭᠤᠷᠢᠵᠤ  ᠶᠠᠪᠤᠳᠠᠭ︾  ᠭᠤᠸᠠ  ᠬᠤᠳᠠᠯᠳᠤᠭᠴᠢ ᠵᠠᠯᠠᠭᠤ ᠬᠡᠯᠡᠬᠦ ᠳᠤ᠂ ᠲᠦᠪᠡᠳ ᠬᠠᠰᠢ ᠬᠤᠳᠠᠯᠳᠤᠵᠤ ᠰᠠᠭᠤᠭ᠎ᠠ  ᠨᠢᠬᠡ ᠨᠠᠰᠤᠳᠠᠨ ︽ᠠᠳᠡ ᠢᠷᠡᠬᠦ ᠬᠥᠮᠥᠨ ᠮᠠᠰᠢ ᠤᠯᠠᠨ ᠰᠢᠦ᠂  ᠮᠢᠨᠦ ᠲᠥᠪᠡᠳ ᠬᠠᠰᠢ  ᠶᠢᠨ ᠪᠤᠷᠤᠯᠠᠭᠤᠯᠭ᠎ᠠ ᠴᠤ  ᠲᠤᠩ ᠰᠠᠶᠢᠨ᠂  ᠡᠳᠦᠷ ᠲᠤ ᠪᠠᠷᠤᠭ 200 ᠭᠠᠷᠤᠢ ᠲᠥᠭᠦᠷᠢᠭ ᠤᠨ ᠤᠷᠤᠯᠭ᠎ᠠ  ᠲᠠᠢ︾ ᠭᠡᠵᠦ ᠦᠬᠡᠨ ᠤ ᠦᠵᠦᠬᠦᠷ ᠢ ᠡᠯᠬᠦᠵᠦ ᠶᠠᠷᠢᠯ᠎ᠠ᠃     ᠴᠤᠭᠯᠠᠭ᠎ᠠ ᠮᠠᠶᠢᠮᠠᠢ ᠶᠢᠨ ᠵᠠᠬ᠎ᠠ ᠪᠣᠯ ᠳᠠᠷᠤᠢ ᠬᠥᠳᠡᠭᠡ ᠲᠣᠰᠬᠤᠨ ᠤ ᠠᠷᠠᠳ ᠢᠷᠭᠡᠳ ᠤᠨ ︽CBD︾ ᠶᠤᠮ᠃ ᠲᠣᠰᠬᠤᠨ ᠤ ᠠᠷᠠᠳ ᠬᠤᠲᠠ ᠳᠤ ᠣᠷᠣᠬᠤ ᠦᠭᠡᠢ ᠪᠠᠷ ᠡᠯ᠎ᠡ ᠵᠦᠢᠯ ᠤᠨ ᠴᠢᠨᠠᠷ ᠨᠢ ᠰᠠᠶᠢᠨ ᠦᠨ᠎ᠡ ᠨᠢ ᠬᠢᠮᠳᠠ  ᠪᠠᠷᠠᠭ᠎ᠠ ᠲᠠᠸᠠᠷ ᠢ ᠬᠤᠳᠠᠯᠳᠤᠨ ᠠᠪᠴᠤ ᠲᠡᠶᠢᠯᠦᠨ᠎ᠡ᠂  ᠡᠭᠦᠨ ᠠᠴᠠ ᠪᠣᠯᠵᠤ ᠬᠤᠳᠠᠯᠳᠤᠭᠠᠴᠢᠳ ᠤᠨ ᠡᠪᠦᠷ ᠴᠤ ᠲᠦᠩᠳᠦᠶᠢᠬᠦ ᠨᠢ ᠲᠠᠮᠵᠢᠭ ᠦᠬᠡᠢ᠃  ᠲᠠᠶᠢᠹᠤᠰᠧ ᠬᠤᠰᠢᠭᠤᠨ ᠤ ᠬᠦᠳᠡᠭᠡ ᠲᠤᠰᠬᠤᠨ ᠤ ᠠᠷᠠᠯᠵᠢᠶᠠᠨ ᠤ ᠵᠠᠬ᠎ᠠ ᠨᠢ  ᠡᠭᠦᠨ ᠠᠴᠠ ᠪᠣᠯᠵᠤ ᠬᠥᠭᠵᠢᠶᠡᠨ ᠲᠠᠢ ᠪᠣᠯᠵᠤ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠬᠡᠷᠡᠭᠯᠡᠭᠡ ᠴᠦ ᠡᠭᠦᠨ ᠠᠴᠠ ᠪᠣᠯᠵᠤ ᠬᠥᠭᠵᠢᠶᠡᠨ ᠲᠠᠢ ᠪᠤᠯᠤᠭᠠᠳ᠂ ᠪᠠᠰᠤᠵᠤ ᠪᠣᠯᠣᠰᠢ ᠦᠭᠡᠢ ᠣᠨᠴᠠᠯᠢᠭᠲᠤ ᠠᠵᠤ ᠠᠬᠤᠢ ᠨᠢ ᠡᠶᠢᠨ ᠬᠦ᠋ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠢ ᠲᠡᠭᠡᠭᠰᠢᠯᠡᠬᠦᠯᠬᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠤᠯᠤᠭᠰᠠᠨ ᠪᠢᠯᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号