ᠰᠢᠩ ᠹᠦ᠋ ᠰᠢᠶᠠᠩ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/5/29
  5 ᠰᠠᠷ᠎ᠠ ᠶᠢᠨ 25 ᠤ ᠡᠳᠦᠷ᠂ ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠱᠦᠵᠢ ᠰᠦᠩ ᠹᠧᠩ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ   ᠵᠢᠴᠢ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠠᠨᠳᠤᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︾᠂ ︽2023 ᠣᠨ ᠤ ᠪᠥᠬᠦ ᠬᠤᠰᠢᠭᠤᠨ ᠤ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀᠂ ︿ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ﹀ ᠤᠨ ᠠᠵᠢᠯ ᠤᠨ ᠲᠦᠰᠦᠪ︾ ᠢ ᠰᠤᠷᠤᠯᠴᠠᠵᠠᠢ᠃ ᠰᠥᠩ ᠹᠧᠩ ᠶᠠᠷᠢᠶᠠᠨ ᠳᠠᠭᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠲᠦᠷᠢᠮ ᠲᠣᠭᠲᠠᠭᠠᠯ ᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠤᠯᠤᠰ ᠣᠷᠣᠨ ᠠᠶᠢᠮᠠᠭ ᠬᠤᠰᠢᠭᠤᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠭᠤᠣᠯ ᠱᠤᠭᠤᠮ ᠢ  ᠪᠦᠬᠦ ᠰᠢᠶᠠᠩ ᠤᠨ ᠠᠵᠢᠯ ᠦᠢᠯᠡᠰ ᠤᠨ ᠡᠯ᠎ᠡ ᠲᠠᠯ᠎ᠠ ᠪᠦᠬᠦ ᠶᠠᠪᠤᠴᠠ ᠳᠤ  ᠲᠤᠤᠱᠯᠠᠭᠤᠯᠤᠨ᠂ ᠡᠯ᠎ᠡ ᠲᠦᠷᠦᠯ ᠤᠨ ᠠᠵᠢᠯ ᠡᠭᠦᠷᠭᠡ ᠶᠢ ᠪᠦᠬᠦ ᠬᠦᠴᠦᠨ ᠢᠶᠠᠷ ᠠᠳᠬᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ  ᠪᠦᠬᠦ ᠭᠡᠰᠢᠬᠦᠳ ᠬᠤᠷᠠᠯ ᠳᠤ ᠤᠷᠤᠯᠴᠠᠵᠠᠢ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号