ᠮᠣᠳᠣᠨ ᠰᠦᠮ᠎ᠡ ᠭᠠᠴᠠᠭᠠᠨ ᠤ ᠬᠢᠨ ᠭᠠᠳᠠᠭᠰᠢ ᠭᠠᠷᠴᠤ ᠲᠤᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2023/5/29
  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠤᠶᠢᠷ᠎ᠠ ᠳᠤ ᠬᠦᠨᠪᠤᠯᠠᠭ ᠰᠤᠮᠤᠨ ᠤ ᠮᠣᠳᠣᠨ ᠰᠦᠮ᠎ᠡ ᠭᠠᠴᠠᠭᠠᠨ ᠤ ︽ᠬᠤᠶᠠᠷ ᠵᠥᠪᠯᠡᠯ︾ ᠪᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠨᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠡᠮᠵᠢᠯᠭᠡ ᠲᠤᠤᠷ᠎ᠠ ᠨᠢᠬᠡ ᠪᠦᠯᠦᠭ ᠮᠠᠯᠴᠢᠳ ᠢ ᠵᠣᠬᠢᠶᠠᠨ ᠪᠠᠶᠢᠭᠤᠯᠵᠤ ᠰᠢᠯᠤᠭᠤᠨ ᠬᠥᠬᠡ ᠬᠤᠰᠢᠭᠤᠨ ᠳᠤ ᠬᠦᠷᠦᠭᠡᠳ᠂ ᠮᠢᠬᠠᠨ ᠤ ᠦᠬᠡᠷ ᠮᠠᠯᠵᠢᠬᠤ ᠬᠠᠮᠢᠶᠠᠷᠤᠯᠲᠠ ᠶᠢᠨ ᠮᠡᠷᠭᠡᠵᠢᠯ ᠵᠡᠷᠭᠡ ᠲᠡᠷᠢᠭᠦᠨ ᠤ ᠠᠷᠭ᠎ᠠ ᠲᠤᠷᠰᠢᠯᠭ᠎ᠠ ᠶᠢ   ᠬᠠᠷᠠᠭᠤᠯᠵᠤ ᠰᠤᠷᠤᠯᠴᠠᠭᠤᠯᠤᠭᠰᠠᠨ ᠪᠠᠶᠢᠨ᠎ᠠ᠃  ᠲᠤᠭᠤᠷᠢᠨ ᠰᠤᠷᠤᠯᠴᠠᠬᠤ ᠪᠦᠯᠬᠦᠮ ᠤᠨ  ᠬᠢᠨ ᠤᠷᠢᠳ ᠬᠤᠵᠢᠳ ᠬᠠᠪᠢᠷᠭ᠎ᠠ ᠪᠠᠯᠭᠠᠰᠤᠨ ᠤ ᠤᠯᠠᠭᠠᠨ ᠲᠣᠰᠬᠤᠨ ᠤ ᠯᠢᠦᠢ ᠽᠧ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ ᠰᠢᠮᠧᠨ᠋ᠲ᠋ᠠᠷ  ᠦᠬᠡᠷ ᠪᠣᠶᠢᠵᠢᠭᠤᠯᠬᠤ ᠰᠠᠭᠤᠷᠢᠨ ᠭᠠᠵᠠᠷ᠂ ᠱᠠᠩᠳᠤ ᠪᠠᠯᠭᠠᠰᠤᠨ ᠤ ᠠᠯᠳᠠᠨ ᠡᠮᠡᠭᠡᠯ ᠭᠡᠷ ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠭᠠᠵᠠᠷ ᠳᠤ ᠬᠦᠷᠴᠦ᠂  ᠮᠠᠯ ᠤᠨ ᠬᠠᠰᠢᠶ᠎ᠠ ᠰᠠᠷᠠᠪᠴᠢ᠂ ᠡᠪᠡᠰᠦ ᠬᠠᠳᠠᠭᠠᠯᠠᠬᠤ  ᠭᠡᠷ᠂ ᠮᠠᠰᠢᠨ ᠲᠥᠬᠦᠭᠡᠷᠦᠮᠵᠢ  ᠵᠡᠷᠭᠡ ᠶᠢ ᠲᠣᠭᠤᠷᠢᠨ ᠦᠵᠡᠭᠰᠡᠨ ᠤ ᠬᠠᠮᠳᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂  ᠬᠠᠰᠢᠶ᠎ᠠ ᠰᠠᠷᠠᠪᠴᠢ ᠶᠢᠨ ᠪᠠᠶᠢᠭᠤᠯᠤᠯᠲᠠ᠂ ᠲᠡᠵᠢᠭᠡᠨ ᠦᠷᠡᠵᠢᠭᠦᠯᠬᠦ ᠠᠷᠭ᠎ᠠ ᠮᠡᠷᠭᠡᠵᠢᠯ ᠤᠨ ᠲᠠᠯᠠᠪᠠᠷ ᠨᠠᠷᠢᠨ ᠣᠶᠢᠯᠠᠭᠠᠭᠰᠠᠨ ᠪᠥᠭᠡᠳ ᠲᠤᠬᠠᠢ ᠶᠢᠨ ᠭᠠᠵᠠᠷ ᠤᠨ ᠲᠡᠵᠢᠭᠡᠨ ᠦᠷᠡᠵᠢᠭᠦᠯᠬᠦ ᠲᠣᠮᠣ ᠡᠷᠦᠬᠡ ᠠᠴᠠ  ᠰᠠᠶᠢᠨ ᠡᠬᠦᠯᠳᠡᠷ ᠰᠤᠩᠭᠤᠵᠤ ᠪᠤᠶᠢᠵᠢᠭᠤᠯᠬᠤ᠂  ᠨᠤᠭᠤᠭᠠᠨ ᠪᠤᠷᠳᠤᠭ᠎ᠠ ᠲᠠᠷᠢᠵᠤ ᠳᠠᠷᠤᠰᠢᠭᠤᠯᠬᠤ ᠠᠷᠭ᠎ᠠ ᠲᠤᠷᠰᠢᠯᠭ᠎ᠠ ᠵᠢᠴᠢ ᠠᠵᠤ ᠦᠢᠯᠡᠰ ᠤᠨ ᠦᠷ᠎ᠡ ᠠᠰᠢᠭ᠂ ᠵᠠᠬ᠎ᠠ ᠳᠡᠯᠭᠡᠭᠦᠷ ᠤᠨ ᠢᠷᠡᠭᠡᠳᠦᠢ ᠶᠢᠨ ᠪᠠᠶᠢᠳᠠᠯ ᠢ ᠠᠰᠠᠭᠤᠨ ᠯᠠᠪᠯᠠᠵᠤ᠂ ᠲᠡᠵᠢᠭᠡᠨ ᠦᠷᠡᠵᠢᠭᠦᠯᠬᠦ ᠶᠠᠪᠤᠴᠠ ᠳᠤ ᠲᠣᠬᠢᠶᠠᠯᠳᠤᠭᠰᠠᠨ ᠵᠠᠷᠢᠮ ᠠᠰᠠᠭᠤᠳᠠᠯ ᠤᠨ ᠲᠤᠬᠠᠢ ᠰᠠᠨᠠᠯ ᠪᠤᠳᠤᠯ ᠢᠶᠠᠨ ᠶᠠᠷᠢᠯᠴᠠᠨ ᠰᠤᠯᠢᠯᠴᠠᠵᠠᠢ  ᠃ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠮᠠᠯᠴᠢᠳ ᠬᠠᠷᠠᠭ᠎ᠠ ᠲᠡᠯᠡᠵᠦ ᠲᠤᠷᠰᠢᠯᠭ᠎ᠠ ᠰᠤᠷᠤᠭᠰᠠᠨ   ᠢᠶᠠᠷ ᠪᠠᠷᠠᠬᠤ ᠦᠬᠡᠢ  ᠵᠥᠷᠢᠶ᠎ᠡ   ᠪᠠᠨ ᠲᠠᠨᠢᠵᠤ᠂ ᠰᠡᠳᠬᠢᠴᠡ ᠪᠠᠨ ᠦᠷᠭᠡᠳᠭᠡᠭᠡᠳ᠂  ᠲᠡᠵᠢᠭᠡᠨ ᠦᠷᠡᠵᠢᠭᠦᠯᠬᠦ  ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠬᠢᠭᠡᠳ ᠲᠥᠯᠦᠪᠵᠢᠭᠦᠯᠭᠡ ᠶᠢᠨ ᠲᠤᠬᠠᠢ ᠰᠢᠨ᠎ᠡ ᠲᠠᠨᠢᠯᠲᠠ ᠲᠠᠢ ᠪᠣᠯᠵᠤ᠂  ᠴᠤᠬᠤᠮ ᠬᠦ᠋ ᠭᠠᠨᠵᠤᠭ᠎ᠠ ᠲᠦᠬᠦᠷᠡᠩ ᠬᠠᠷᠢᠵᠤ ᠢᠷᠡᠭᠰᠡᠨ ᠪᠠᠶᠢᠨ᠎ᠠ᠃  
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号