ᠪᠤᠤᠴᠠᠩ ᠪᠠᠯᠭᠠᠰᠤ ᠄ ︽  ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠠᠴᠠ ᠠᠵᠠ ᠵᠢᠷᠭᠠᠯ  ᠤᠨ ᠠᠶ᠎ᠠ ᠲᠠᠭᠤᠤ ᠴᠤᠤᠷᠢᠶᠠᠳᠤᠨ᠎ᠠ
ᠨᠡᠶᠢᠲᠡᠯᠡᠭᠰᠡᠨ ᠴᠠᠭ᠄
2023/5/29
   ︽ᠳ᠋ᠠ ᠳ᠋ᠠ ᠳ᠋ᠠ᠂ ᠳ᠋ᠠ ᠳ᠋ᠠ ᠳ᠋ᠠ ……︾  ᠂  ᠰᠢᠶᠠᠩ ᠶᠠᠩ ᠲᠣᠰᠬᠤᠨ ᠤ ᠨᠡᠬᠡᠮᠡᠯ ᠤᠨ ᠤᠭᠤᠲᠠ ᠶᠢᠨ ᠦᠢᠯᠡᠳᠪᠦᠷᠢ ᠳᠤ ᠣᠶᠣᠳᠠᠯ ᠤᠨ ᠮᠠᠰᠢᠨ ᠨᠤᠭᠤᠳ ᠲᠠᠷᠴᠢᠬᠢᠨᠡᠨ ᠲᠤᠤᠭᠠᠷᠬᠤ ᠶᠢ ᠲᠠᠭᠠᠯᠳᠤᠭᠠᠳ ᠦᠩᠬᠡ ᠦᠩᠬᠡ  ᠶᠢᠨ ᠨᠡᠬᠡᠮᠡᠯ ᠤᠭᠤᠲᠠ ᠪᠦᠳᠦᠭᠡᠭᠳᠡᠨ ᠭᠠᠷᠴᠤ᠂  ᠬᠤᠶᠠᠷ ᠠᠵᠢᠯᠴᠢᠨ ᠨᠡᠬᠡᠮᠡᠯ ᠤᠭᠤᠳᠠ ᠶᠢ ᠪᠤᠭᠤᠵᠤ ᠪᠠᠭᠯᠠᠭᠠᠳ ᠲᠤᠩ ᠶᠠᠭᠠᠷᠠᠯᠳᠠᠢ ᠠᠵᠢᠯᠯᠠᠨ᠎ᠠ᠃  2019 ᠣᠨ ᠳᠤ᠂ ᠣᠶᠢᠷ᠎ᠠ ᠬᠠᠪᠢ ᠳᠤᠨᠢ  ᠲᠦᠮᠦᠰᠦᠨ ᠤ ᠬᠦᠷᠢᠶᠡᠯᠡᠩ ᠡᠳᠦᠷ ᠢᠷᠡᠬᠦᠶ᠎ᠡ ᠤᠯᠠᠰᠢᠷᠠᠵᠤ᠂  ᠨᠡᠬᠡᠮᠡᠯ ᠤᠭᠤᠲᠠ ᠶᠢᠨ ᠭᠡᠷᠡᠭᠴᠡᠭᠡ ᠲᠠᠰᠤᠷᠠᠯᠳᠠ ᠦᠬᠡᠢ ᠨᠡᠮᠡᠭᠳᠡᠵᠦ ᠪᠠᠶᠢᠭ᠎ᠠ ᠶᠢ ᠤᠯᠵᠤ ᠬᠠᠷᠠᠭᠰᠠᠨ ᠰᠢᠶᠠᠩ ᠶᠠᠩ ᠲᠣᠰᠬᠤᠨ ᠤ ︽ᠬᠤᠶᠠᠷ ᠵᠦᠪᠯᠡᠯ︾ ᠤᠨ ᠬᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠲᠦᠷᠦᠯ ᠵᠦᠢᠯ ᠤᠨ ᠪᠡᠯᠡ ᠮᠦᠩᠬᠦ ᠶᠢ ᠡᠷᠡᠮᠡᠯᠵᠡᠯᠡᠨ ᠤᠯᠵᠤ᠂ ᠠᠷᠪᠠᠨ ᠰᠠᠤᠷᠢ ᠣᠶᠣᠳᠠᠯ ᠤᠨ ᠮᠠᠰᠢᠨ ᠬᠤᠳᠠᠯᠳᠤᠨ ᠠᠪᠴᠤ  ᠨᠡᠬᠡᠮᠡᠯ ᠤᠨ ᠤᠭᠤᠲᠠ ᠶᠢᠨ ᠦᠢᠯᠡᠳᠪᠦᠷᠢ ᠶᠢᠨ ᠲᠠᠰᠤᠭ ᠢ ᠪᠠᠶᠢᠭᠤᠯᠵᠠᠢ᠃ ᠵᠢᠯ ᠭᠠᠷᠤᠢ   ᠶᠢᠨ ᠬᠤᠭᠤᠴᠠᠭᠠᠨ ᠳᠤ ᠶᠠᠳᠠᠭᠤ   ᠶᠢ ᠲᠡᠳᠬᠦᠬᠦ ᠦᠢᠯᠡᠳᠪᠦᠷᠢ   ᠶᠢᠨ ᠲᠠᠰᠤᠭ ᠤᠨ ᠦᠷ᠎ᠡ ᠠᠰᠢᠭ ᠨᠢ ᠲᠤᠩ ᠰᠠᠶᠢᠨ ᠪᠠᠶᠢᠵᠤ᠂ ᠲᠤᠰᠬᠤᠨ ᠤ ᠠᠷᠠᠳ ᠤᠨ ᠣᠷᠣᠯᠭ᠎ᠠ ᠴᠤ ᠲᠠᠰᠤᠷᠠᠯᠲᠠ ᠦᠭᠡᠢ  ᠨᠡᠮᠡᠭᠳᠡᠵᠦ ᠢᠷᠡᠭᠰᠡᠨ ᠪᠠᠶᠢᠨ᠎ᠠ᠃  ᠲᠤᠰ ᠲᠤᠰᠬᠤᠨ ᠤ ᠬᠢᠨ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠳᠡᠮᠵᠢᠯᠭᠡ ᠳᠣᠣᠷ᠎ᠠ᠂ ᠤᠷᠢᠳ ᠬᠤᠵᠢᠳ 180 ᠭᠠᠷᠤᠢ ᠲᠦᠮᠡᠨ ᠲᠥᠭᠦᠷᠢᠭ ᠤᠨ ᠪᠡᠯᠡ ᠬᠤᠷᠠᠮᠳᠤᠭᠤᠯᠵᠤ᠂ ᠦᠢᠯᠡᠳᠪᠦᠷᠢ ᠶᠢᠨ ᠲᠠᠰᠤᠭ ᠢᠶᠠᠨ ᠦᠬᠡᠷᠡᠴᠢᠯᠡᠨ ᠰᠠᠶᠢᠵᠢᠷᠠᠭᠤᠯᠤᠭᠰᠠᠨ ᠪᠠᠶᠢᠯ᠎ᠠ᠃ 2020 ᠣᠨ ᠳᠤ᠂ 700 ᠭᠠᠷᠤᠢ ᠬᠠᠪᠳᠠᠭᠠᠢ ᠳᠥᠷᠪᠡᠯᠵᠢᠨ  ᠮᠧᠲᠷ ᠦᠢᠯᠡᠳᠪᠦᠷᠢ ᠶᠢᠨ ᠲᠠᠰᠤᠭ ᠢ ᠰᠢᠨ᠎ᠡ ᠪᠠᠷ ᠪᠠᠶᠢᠭᠤᠯᠤᠨ᠂ ᠬᠦᠷᠢᠶ᠎ᠡ ᠬᠠᠰᠢᠶ᠎ᠠ ᠪᠠᠨ ᠬᠠᠲᠠᠭᠤᠷᠠᠭᠤᠯᠵᠤ᠂ ᠲᠤᠨᠤᠭ ᠲᠥᠬᠦᠭᠡᠷᠦᠮᠵᠢ ᠪᠠᠨ ᠰᠢᠨᠡᠳᠭᠡᠭᠰᠡᠨ ᠤ ᠬᠠᠮᠳᠤ᠂   ᠲᠣᠰᠬᠤᠨ ᠠᠴᠠ ᠡᠷᠬᠢᠯᠡᠭᠰᠡᠨ ᠠᠵᠤ ᠠᠬᠤᠶᠢᠯᠠᠯ ︱ ᠢᠦᠢ ᠶᠠᠩ ᠵᠧᠨ ᠨᠦᠩ  ᠨᠡᠬᠡᠮᠡᠯ ᠤᠭᠤᠳᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠪᠠ᠃   ᠲᠤᠰᠬᠤᠨ ᠳᠠᠭᠠᠨ ᠠᠵᠤ ᠠᠬᠤᠶᠢᠯᠠᠯ ᠲᠠᠢ ᠪᠣᠯᠤᠭᠰᠠᠨ ᠠᠴᠠ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠡᠮᠡᠭᠳᠡᠬᠦ ᠪᠠᠷ ᠪᠠᠷᠠᠬᠤ ᠦᠬᠡᠢ᠂ ᠠᠷᠠᠳ ᠢᠷᠭᠡᠳ ᠤᠨ ᠪᠠᠶᠠᠵᠢᠯ ᠤᠨ ᠠᠷᠭ᠎ᠠ ᠵᠠᠮ ᠴᠤ ᠥᠷᠭᠡᠵᠢᠭᠰᠡᠨ ᠪᠠᠶᠢᠨ᠎ᠠ᠃  ᠦᠢᠯᠡᠳᠪᠦᠷᠢ ᠪᠠᠨ ᠦᠬᠡᠷᠡᠴᠢᠯᠡᠨ ᠰᠢᠨᠡᠳᠭᠡᠭᠰᠡᠨ ᠤ ᠳᠠᠷᠠᠭ᠎ᠠ᠂ ᠲᠤᠬᠠᠢ ᠶᠢᠨ ᠭᠠᠵᠠᠷ ᠪᠠ ᠪᠤᠰᠤᠳ ᠲᠤᠰᠬᠤᠨ ᠤ ᠵᠠᠷᠢᠮ  ᠮᠡᠷᠭᠡᠵᠢᠯ ᠲᠤᠳᠠᠭᠳᠠᠭᠰᠠᠨ᠂ ᠨᠠᠰᠤ ᠠᠬᠢᠭᠰᠠᠨ᠂ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠪᠠ ᠨᠠᠰᠤᠲᠠᠶᠢᠴᠤᠳ ᠲᠤ ᠴᠤ ᠠᠵᠢᠯᠯᠠᠬᠤ ᠪᠤᠯᠤᠮᠵᠢ ᠬᠠᠩᠭᠠᠭᠠᠳ ᠠᠰᠢᠭ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠨ᠎ᠠ᠃     ᠰᠢᠶᠠᠩ ᠶᠠᠩ ᠲᠣᠰᠬᠤᠨ ᠤ ᠨᠠᠮ ᠤᠨ ᠡᠭᠦᠷ ᠤᠨ ᠱᠦᠵᠢ ᠵᠤᠤ ᡁᠢ ᠭᠠᠩ  ᠄ ︽ᠠᠩᠬ᠎ᠠ ᠡᠬᠢᠯᠡᠭᠡᠳ ᠣᠷᠣᠯᠠᠨ ᠦᠢᠯᠡᠳᠪᠦᠷᠢᠯᠡᠬᠦ ᠬᠡᠯᠪᠡᠷᠢ ᠪᠠᠷ ᠠᠵᠢᠯᠯᠠᠵᠤ ᠪᠠᠶᠢᠭᠰᠠᠨ ᠪᠤᠯ᠂ ᠤᠳᠤ ᠥᠪᠡᠷ ᠢᠶᠠᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠴᠤ ᠥᠪᠡᠷ ᠢᠶᠠᠨ ᠦᠢᠯᠡᠳᠪᠦᠷᠢᠯᠡᠵᠦ ᠪᠤᠷᠤᠯᠠᠭᠤᠯᠬᠤ ᠪᠤᠯᠤᠭᠰᠠᠨ᠂  ᠤᠳᠤ ᠰᠢᠶᠠᠩ ᠶᠠᠩ ᠲᠣᠰᠬᠤᠨ ᠵᠢᠴᠢ ᠡᠷᠬᠢᠨ ᠲᠣᠭᠤᠷᠢᠨ ᠤ ᠲᠣᠰᠬᠤᠨ ᠢ ᠨᠥᠯᠥᠭᠡᠯᠡᠨ ᠲᠠᠶᠢᠴᠢᠯᠠᠵᠦ᠂ ᠨᠡᠶᠢᠳᠡ 40 ᠭᠠᠷᠤᠢ ᠬᠥᠮᠥᠨ  ᠳᠤ ᠠᠵᠢᠯ ᠤᠯᠭᠤᠵᠠᠢ᠂ ᠠᠵᠢᠯᠴᠢᠨ ᠤ ᠡᠳᠦᠷ ᠤᠨ ᠴᠠᠯᠢᠩ 130 ᠲᠥᠭᠦᠷᠢᠭ  ᠂ ᠵᠢᠱᠢᠯᠲᠡ ᠪᠠᠷ ᠡᠨᠡ ᠵᠢᠯ ᠤᠨ ᠦᠢᠯᠡᠳᠬᠦᠨ ᠤ ᠦᠷᠳᠡᠭ 150 ᠲᠦᠮᠡ ᠳᠤ ᠬᠦᠷᠬᠦ ᠪᠣᠯᠣᠨ᠎ᠠ᠃ ᠲᠠᠷᠠᠭᠠᠴᠢ ᠶᠢᠨ ᠠᠯᠬᠤᠮ ᠳᠤ ᠪᠢᠳᠡ ᠦᠢᠯᠡᠳᠪᠦᠷᠢᠯᠡᠯ ᠤᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ 100 ᠭᠠᠷᠤᠢ ᠬᠥᠮᠥᠨ ᠢ ᠲᠠᠶᠢᠴᠢᠯᠠᠵᠤ ᠠᠵᠢᠯ ᠣᠯᠭᠤᠬᠤ ᠪᠠᠷ ᠴᠢᠷᠮᠠᠶᠢᠨ᠎ᠠ᠃ ᠲᠦᠰᠦᠪᠯᠡᠭᠰᠡᠨ ᠢᠶᠠᠷ ᠲᠠᠷᠠᠭ᠎ᠠ ᠵᠢᠯ ᠳᠤ ᠪᠠᠷᠤᠭ ᠳᠥᠷᠪᠡᠨ ᠵᠠᠭᠤᠨ ᠲᠦᠮᠡᠨ ᠨᠡᠬᠡᠮᠡᠯ ᠤᠭᠤᠲᠠ ᠦᠢᠯᠡᠳᠪᠦᠷᠢᠯᠡᠵᠦ᠂ ᠬᠠᠮᠲᠤ ᠶᠢᠨ ᠠᠰᠢᠭ ᠣᠷᠣᠯᠭ᠎ᠠ 28 ᠲᠦᠮᠡᠨ ᠲᠥᠭᠦᠷᠢᠭ ᠢ ᠪᠡᠶᠡᠯᠡᠬᠦᠯᠴᠢᠬᠡᠨ᠎ᠡ︾  ᠃     ᠰᠢᠶᠠᠩ ᠶᠠᠩ ᠲᠣᠰᠬᠤᠨ ᠤ ᠲᠠᠷᠢᠶᠠᠴᠢᠨ ᠮᠠ ᠱᠤ᠋ ᠯᠢᠶᠠᠨ᠄  ︽ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠨᠢ ᠮᠠᠰᠢ ᠰᠠᠶᠢᠨ ᠪᠠᠶᠢᠨ᠎ᠠ᠂   ᠪᠢᠳᠡᠨ ᠰᠢᠭ ᠭᠠᠳᠠᠭᠰᠢ ᠭᠠᠷᠴᠤ ᠬᠥᠯᠥᠰᠦᠨ ᠠᠵᠢᠯ ᠬᠢᠵᠦ ᠳᠡᠶᠢᠯᠬᠦ ᠦᠭᠡᠢ ᠂ ᠬᠦᠨᠳᠦ ᠠᠵᠢᠯ ᠬᠢᠵᠦ ᠳᠡᠶᠢᠯᠬᠦ ᠦᠭᠡᠢ ᠨᠠᠰᠤᠳᠠᠶᠢᠴᠤᠳ ᠪᠠ ᠡᠮᠡᠭᠲᠡᠶᠢᠴᠦᠳ ᠴᠤ ᠠᠶᠢᠯ ᠭᠡᠷ ᠢᠶᠠᠨ ᠲᠤᠳᠤᠮᠳᠠᠬᠤ ᠶᠢᠨ ᠲᠠᠭᠠᠤ ᠪᠠᠰᠠ ᠦᠢᠯᠡᠳᠪᠦᠷᠢ ᠳᠤ ᠢᠷᠡᠵᠦ ᠬᠥᠯᠥᠰᠦᠨ ᠠᠵᠢᠯ ᠬᠢᠵᠦ ᠪᠠᠶᠢᠨ᠎ᠠ᠂ ᠮᠢᠨᠦ ᠬᠤᠪᠢ ᠳᠤ ᠠᠳᠡ ᠠᠵᠢᠯᠯᠠᠭᠠᠳ ᠨᠢᠭᠡᠨᠲᠡ ᠲᠠᠪᠤᠨ ᠵᠢᠯ ᠪᠤᠯᠵᠠᠢ᠂ ᠰᠤᠯᠠ ᠵᠠᠷᠤᠬᠤ ᠵᠣᠭᠤᠰ ᠢᠶᠠᠨ ᠪᠤᠯ ᠰᠠᠨᠠᠭ᠎ᠠ ᠠᠮᠠᠷ ᠤᠯᠴᠢᠬᠠᠨ᠎ᠠ᠂ ᠢᠯᠡᠭᠦᠦ ᠬᠥᠳᠡᠯᠮᠦᠷᠢᠯᠡᠪᠡᠯ ᠪᠠᠰᠠ ᠢᠯᠡᠭᠦᠦ ᠤᠯᠤᠨ᠎ᠠ᠂ ᠵᠠᠰᠠᠭ ᠤᠨ ᠣᠷᠳᠣᠨ ᠤ ᠬᠠᠯᠠᠮᠵᠢ ᠳᠡᠮᠵᠢᠯᠭᠡ ᠳᠤ ᠮᠠᠰᠢ ᠲᠠᠯᠠᠷᠬᠠᠵᠤ ᠪᠠᠶᠢᠨ᠎ᠠ︾᠃    ︽ᠳ᠋ᠠ ᠳ᠋ᠠ ᠳ᠋ᠠ᠂ ᠳ᠋ᠠ ᠳ᠋ᠠ ᠳ᠋ᠠ ……︾  ᠦᠢᠯᠡᠳᠪᠦᠷᠢ   ᠶᠢᠨ ᠲᠠᠰᠤᠭ ᠲᠤ ᠣᠶᠣᠳᠠᠯ ᠤᠨ ᠮᠠᠰᠢᠨ ᠤ ᠲᠠᠭᠤᠨ ᠦᠷᠭᠦᠯᠵᠢᠯᠡᠵᠦ᠂ ᠵᠣᠯ ᠵᠢᠷᠭᠠᠯᠲᠤ ᠠᠮᠢᠳᠤᠷᠠᠯ ᠤᠨ ᠬᠦᠭ ᠠᠶᠠᠰ ᠬᠠᠩᠬᠢᠨᠠᠭᠰᠠᠭᠠᠷ᠂᠂᠂᠂᠂᠂  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号