2023 ᠣᠨ ᠤ ︽  ᠲᠠᠶᠢᠹᠤᠰᠧ ᠬᠤᠰᠢᠭᠤ · ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠳᠠᠭᠤᠤ ᠬᠥᠭᠵᠢᠮ ᠤᠨ ᠨᠠᠶᠢᠷ︾  ᠤᠨ ᠪᠡᠯᠡᠳᠬᠡᠯ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/5/30
    5 ᠰᠠᠷ᠎ᠠ ᠶᠢᠨ 29 ᠤ ᠡᠳᠦᠷ᠂ ᠲᠠᠶᠢᠹᠤᠰᠧ ᠬᠤᠰᠢᠭᠤ 2023 ᠣᠨ ᠤ ︽ᠲᠠᠶᠢᠹᠤᠰᠧ ᠬᠤᠰᠢᠭᠤ · ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠳᠠᠭᠤᠤ ᠬᠥᠭᠵᠢᠮ ᠤᠨ ᠨᠠᠶᠢᠷ ︾ ᠤᠨ ᠪᠡᠯᠡᠳᠬᠡᠯ ᠠᠵᠢᠯ ᠤᠨ ᠬᠤᠷᠠᠯ ᠬᠤᠷᠠᠯᠳᠤᠭᠤᠯᠵᠤ᠂ ᠭᠤᠣᠯᠯᠠᠨ ᠡᠷᠬᠢᠯᠡᠬᠦ ᠲᠠᠯ᠎ᠠ᠂ ᠲᠠᠭᠠᠭᠠᠴᠢᠯᠠᠨ  ᠡᠷᠬᠢᠯᠡᠬᠦ ᠲᠠᠯ᠎ᠠ ᠶᠢᠨ ᠪᠡᠯᠡᠳᠬᠡᠯ ᠠᠵᠢᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂  ᠡᠬᠦᠷᠭᠡ ᠬᠠᠷᠢᠭᠤᠴᠠᠯᠭ᠎ᠠ ᠶᠢ ᠬᠤᠪᠢᠶᠠᠷᠢᠯᠠᠪᠠ᠃ ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠬᠢᠯᠡᠵᠦ᠂ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠵᠠᠢ᠃ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠲᠣᠪᠴᠢᠶ᠎ᠠ ᠶᠢᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠲᠥᠪ ᠤᠨ ᠶᠡᠷᠦᠩᠬᠡᠢ ᠳᠠᠭᠠᠭᠠᠮᠠᠯ ᠵᠣᠣ ᠴᠢᠤᠸᠠᠨ ᠶᠦᠩ᠂ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠲᠣᠪᠴᠢᠶ᠎ᠠ ᠶᠢᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠲᠥᠪ ᠤᠨ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠡᠯᠲᠡᠰ ᠤᠨ ᠳᠡᠳ᠋ ᠡᠷᠬᠢᠯᠡᠭᠴᠢ ᠯᠢᠦ ᠰᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋  ᠬᠤᠰᠢᠭᠤ ᠳᠠᠷᠤᠭ᠎ᠠ ᠮᠠ ᠷᠦᠢ ᠮᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠡᠰᠢᠭᠲᠦ ᠬᠤᠷᠠᠯ ᠳᠤ ᠤᠷᠤᠯᠴᠠᠪᠠ᠃ ᠬᠤᠷᠠᠯ   ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂  ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠡᠯ᠎ᠡ  ᠲᠦᠷᠦᠯ ᠤᠨ ᠪᠡᠯᠡᠳᠬᠡᠯ ᠠᠵᠢᠯ ᠤᠨ ᠤᠷᠤᠭᠰᠢᠲᠠᠢ ᠶᠠᠪᠤᠭᠳᠠᠬᠤ ᠶᠢ  ᠦᠨᠡᠨᠬᠦ ᠪᠠᠲᠤᠯᠠᠬᠤ ᠬᠡᠷᠡᠭᠲᠡᠢ᠃ ᠲᠦᠰᠦᠪ ᠲᠦᠯᠦᠪᠯᠡᠭᠡ ᠶᠢ ᠡᠷᠳᠡ ᠠᠴᠠ ᠬᠢᠵᠦ᠂  ᠠᠷᠭ᠎ᠠ ᠲᠦᠰᠦᠯ ᠢ  ᠨᠠᠷᠢᠯᠢᠭᠵᠢᠭᠤᠯᠤᠨ᠂  ᠬᠠᠮᠢᠶ᠎ᠠ ᠪᠦᠬᠦᠢ ᠪᠣᠯᠪᠠᠰᠤᠷᠠᠯ ᠢ ᠴᠢᠩᠭᠠᠳᠬᠠᠵᠤ᠂ ᠠᠵᠢᠯᠯᠠᠭᠠᠨ ᠤ ᠬᠤᠭᠤᠴᠠᠭᠠᠨ ᠳᠠᠬᠢ ᠵᠠᠮ ᠨᠡᠪᠳᠡᠷᠡᠯᠬᠡ᠂ ᠲᠡᠷᠭᠡ ᠤᠨᠤᠭ᠎ᠠ ᠵᠤᠭᠰᠤᠭᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ᠂ ᠠᠮᠤᠷ ᠲᠦᠪᠰᠢᠨ  ᠂ ᠤᠬᠠᠭᠤᠯᠭ᠎ᠠ ᠮᠡᠳᠡᠭᠡᠯᠡᠯ᠂ ᠢᠳᠡᠭᠡᠨ ᠤᠮᠳᠠᠭᠠᠨ ᠤ ᠦᠢᠯᠡᠴᠢᠯᠡᠭᠡ᠂ ᠴᠠᠭ ᠠᠭᠤᠷ ᠤᠨ ᠦᠢᠯᠡᠴᠢᠯᠡᠭᠡ᠂ ᠴᠠᠬᠢᠯᠭᠠᠨ ᠬᠦᠴᠦᠨ ᠤ ᠪᠠᠲᠤᠯᠠᠭ᠎ᠠ᠂  ᠡᠮ ᠡᠮᠨᠡᠯᠭᠡ ᠶᠢᠨ ᠪᠠᠲᠤᠯᠠᠭ᠎ᠠ ᠵᠢᠴᠢ ᠪᠠᠴᠢᠮ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠰᠠᠶᠢᠨ ᠬᠢᠵᠦ᠂  ᠴᠤᠭᠯᠠᠭᠠᠨ ᠨᠠᠶᠢᠷ ᠤᠨ ᠡᠮᠬᠢ ᠲᠢᠭᠯᠡᠮ ᠲᠠᠢ ᠴᠢᠨᠠᠷ ᠰᠠᠶᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ  ᠴᠢᠬᠤᠯᠠᠴᠢᠯᠠᠭᠰᠠᠨ ᠪᠠᠶᠢᠨ᠎ᠠ᠃  ᠰᠤᠮᠤ ᠰᠢᠶᠠᠩ ᠪᠠᠯᠭᠠᠰᠤ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号