︽ᠳ᠋ᠠ ᠳ᠋ᠠ ᠳ᠋ᠠ᠂ ᠳ᠋ᠠ ᠳ᠋ᠠ ᠳ᠋ᠠ ……︾ ᠂ ᠰᠢᠶᠠᠩ ᠶᠠᠩ ᠲᠣᠰᠬᠤᠨ ᠤ ᠨᠡᠬᠡᠮᠡᠯ ᠤᠨ ᠤᠭᠤᠲᠠ ᠶᠢᠨ | ᠦᠢᠯᠡᠳᠪᠦᠷᠢ ᠳᠤ ᠣᠶᠣᠳᠠᠯ ᠤᠨ ᠮᠠᠰᠢᠨ ᠨᠤᠭᠤᠳ ᠲᠠᠷᠴᠢᠬᠢᠨᠡᠨ ᠲᠤᠤᠭᠠᠷᠬᠤ ᠶᠢ ᠲᠠᠭᠠᠯᠳᠤᠭᠠᠳ ᠦᠩᠬᠡ ᠦᠩᠬᠡ | ᠶᠢᠨ ᠨᠡᠬᠡᠮᠡᠯ ᠤᠭᠤᠲᠠ ᠪᠦᠳᠦᠭᠡᠭᠳᠡᠨ ᠭᠠᠷᠴᠤ᠂ ᠬᠤᠶᠠᠷ ᠠᠵᠢᠯᠴᠢᠨ ᠨᠡᠬᠡᠮᠡᠯ ᠤᠭᠤᠳᠠ ᠶᠢ ᠪᠤᠭᠤᠵᠤ ᠪᠠᠭᠯᠠᠭᠠᠳ | ᠲᠤᠩ ᠶᠠᠭᠠᠷᠠᠯᠳᠠᠢ ᠠᠵᠢᠯᠯᠠᠨ᠎ᠠ᠃ 2019 ᠣᠨ ᠳᠤ᠂ ᠣᠶᠢᠷ᠎ᠠ ᠬᠠᠪᠢ ᠳᠤᠨᠢ ᠲᠦᠮᠦᠰᠦᠨ ᠤ ᠬᠦᠷᠢᠶᠡᠯᠡᠩ | ᠡᠳᠦᠷ ᠢᠷᠡᠬᠦᠶ᠎ᠡ ᠤᠯᠠᠰᠢᠷᠠᠵᠤ᠂ ᠨᠡᠬᠡᠮᠡᠯ ᠤᠭᠤᠲᠠ ᠶᠢᠨ ᠭᠡᠷᠡᠭᠴᠡᠭᠡ ᠲᠠᠰᠤᠷᠠᠯᠳᠠ ᠦᠬᠡᠢ ᠨᠡᠮᠡᠭᠳᠡᠵᠦ ᠪᠠᠶᠢᠭ᠎ᠠ ᠶᠢ | ᠤᠯᠵᠤ ᠬᠠᠷᠠᠭᠰᠠᠨ ᠰᠢᠶᠠᠩ ᠶᠠᠩ ᠲᠣᠰᠬᠤᠨ ᠤ ︽ᠬᠤᠶᠠᠷ ᠵᠦᠪᠯᠡᠯ︾ ᠤᠨ ᠬᠢᠨ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠲᠦᠷᠦᠯ ᠵᠦᠢᠯ ᠤᠨ ᠪᠡᠯᠡ ᠮᠦᠩᠬᠦ ᠶᠢ | ᠡᠷᠡᠮᠡᠯᠵᠡᠯᠡᠨ ᠤᠯᠵᠤ᠂ ᠠᠷᠪᠠᠨ ᠰᠠᠤᠷᠢ ᠣᠶᠣᠳᠠᠯ ᠤᠨ ᠮᠠᠰᠢᠨ ᠬᠤᠳᠠᠯᠳᠤᠨ ᠠᠪᠴᠤ ᠨᠡᠬᠡᠮᠡᠯ ᠤᠨ ᠤᠭᠤᠲᠠ ᠶᠢᠨ | ᠦᠢᠯᠡᠳᠪᠦᠷᠢ ᠶᠢᠨ ᠲᠠᠰᠤᠭ ᠢ ᠪᠠᠶᠢᠭᠤᠯᠵᠠᠢ᠃ ᠵᠢᠯ ᠭᠠᠷᠤᠢ ᠶᠢᠨ ᠬᠤᠭᠤᠴᠠᠭᠠᠨ ᠳᠤ ᠶᠠᠳᠠᠭᠤ ᠶᠢ ᠲᠡᠳᠬᠦᠬᠦ | ᠦᠢᠯᠡᠳᠪᠦᠷᠢ ᠶᠢᠨ ᠲᠠᠰᠤᠭ ᠤᠨ ᠦᠷ᠎ᠡ ᠠᠰᠢᠭ ᠨᠢ ᠲᠤᠩ ᠰᠠᠶᠢᠨ ᠪᠠᠶᠢᠵᠤ᠂ ᠲᠤᠰᠬᠤᠨ ᠤ ᠠᠷᠠᠳ ᠤᠨ ᠣᠷᠣᠯᠭ᠎ᠠ | ᠴᠤ ᠲᠠᠰᠤᠷᠠᠯᠲᠠ ᠦᠭᠡᠢ ᠨᠡᠮᠡᠭᠳᠡᠵᠦ ᠢᠷᠡᠭᠰᠡᠨ ᠢᠶᠠᠷ ᠲᠤᠰ ᠲᠤᠰᠬᠤᠨ ᠤ ᠬᠢᠨ ᠬᠤᠰᠢᠭᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ ᠪᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠳᠡᠮᠵᠢᠯᠭᠡ ᠳᠣᠣᠷ᠎ᠠ | ᠂ ᠤᠷᠢᠳ ᠬᠤᠵᠢᠳ 180 ᠭᠠᠷᠤᠢ ᠲᠦᠮᠡᠨ ᠲᠥᠭᠦᠷᠢᠭ ᠤᠨ ᠪᠡᠯᠡ ᠬᠤᠷᠠᠮᠳᠤᠭᠤᠯᠵᠤ᠂ ᠦᠢᠯᠡᠳᠪᠦᠷᠢ ᠶᠢᠨ ᠲᠠᠰᠤᠭ | ᠢᠶᠠᠨ ᠦᠬᠡᠷᠡᠴᠢᠯᠡᠨ ᠰᠠᠶᠢᠵᠢᠷᠠᠭᠤᠯᠤᠭᠰᠠᠨ ᠪᠠᠶᠢᠯ᠎ᠠ᠃ 2020 ᠣᠨ ᠳᠤ᠂ 700 ᠭᠠᠷᠤᠢ ᠬᠠᠪᠳᠠᠭᠠᠢ | ᠳᠥᠷᠪᠡᠯᠵᠢᠨ ᠮᠧᠲᠷ ᠦᠢᠯᠡᠳᠪᠦᠷᠢ ᠶᠢᠨ ᠲᠠᠰᠤᠭ ᠢ ᠰᠢᠨ᠎ᠡ ᠪᠠᠷ ᠪᠠᠶᠢᠭᠤᠯᠤᠨ᠂ ᠬᠦᠷᠢᠶ᠎ᠡ ᠬᠠᠰᠢᠶ᠎ᠠ ᠪᠠᠨ | ᠬᠠᠲᠠᠭᠤᠷᠠᠭᠤᠯᠵᠤ᠂ ᠲᠤᠨᠤᠭ ᠲᠥᠬᠦᠭᠡᠷᠦᠮᠵᠢ ᠪᠠᠨ ᠰᠢᠨᠡᠳᠭᠡᠭᠰᠡᠨ ᠤ ᠬᠠᠮᠳᠤ᠂ ᠲᠣᠰᠬᠤᠨ ᠠᠴᠠ ᠡᠷᠬᠢᠯᠡᠭᠰᠡᠨ | ᠠᠵᠤ ᠠᠬᠤᠶᠢᠯᠠᠯ ︱ ᠢᠦᠢ ᠶᠠᠩ ᠵᠧᠨ ᠨᠦᠩ ᠨᠡᠬᠡᠮᠡᠯ ᠤᠭᠤᠳᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠪᠠ᠃ | ᠲᠤᠰᠬᠤᠨ ᠳᠠᠭᠠᠨ ᠠᠵᠤ ᠠᠬᠤᠶᠢᠯᠠᠯ ᠲᠠᠢ ᠪᠣᠯᠤᠭᠰᠠᠨ ᠠᠴᠠ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠡᠮᠡᠭᠳᠡᠬᠦ | ᠪᠠᠷ ᠪᠠᠷᠠᠬᠤ ᠦᠬᠡᠢ᠂ ᠠᠷᠠᠳ ᠢᠷᠭᠡᠳ ᠤᠨ ᠪᠠᠶᠠᠵᠢᠯ ᠤᠨ ᠠᠷᠭ᠎ᠠ ᠵᠠᠮ ᠴᠤ ᠦᠷᠭᠡᠳᠴᠡᠢ᠃ ᠦᠢᠯᠡᠳᠪᠦᠷᠢ ᠪᠠᠨ | ᠦᠬᠡᠷᠡᠴᠢᠯᠡᠨ ᠰᠢᠨᠡᠳᠭᠡᠭᠰᠡᠨ ᠤ ᠳᠠᠷᠠᠭ᠎ᠠ᠂ ᠲᠤᠬᠠᠢ ᠶᠢᠨ ᠭᠠᠵᠠᠷ ᠪᠠ ᠪᠤᠰᠤᠳ ᠲᠤᠰᠬᠤᠨ ᠤ ᠵᠠᠷᠢᠮ ᠮᠡᠷᠭᠡᠵᠢᠯ | ᠲᠤᠳᠠᠭᠳᠠᠭᠰᠠᠨ᠂ ᠨᠠᠰᠤ ᠠᠬᠢᠭᠰᠠᠨ᠂ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠪᠠ ᠨᠠᠰᠤᠲᠠᠶᠢᠴᠤᠳ | ᠲᠤ ᠴᠤ ᠠᠵᠢᠯᠯᠠᠬᠤ ᠪᠤᠯᠤᠮᠵᠢ ᠬᠠᠩᠭᠠᠭᠠᠳ ᠠᠰᠢᠭ ᠣᠷᠣᠯᠭ᠎ᠠ ᠶᠢ ᠨᠢ ᠨᠡᠮᠡᠭᠳᠡᠭᠦᠯᠦᠭᠰᠡᠨ ᠪᠠᠶᠢᠨ᠎ᠠ᠃ | ᠰᠢᠶᠠᠩ ᠶᠠᠩ ᠲᠣᠰᠬᠤᠨ ᠤ ᠨᠠᠮ ᠤᠨ ᠡᠭᠦᠷ ᠤᠨ ᠱᠦᠵᠢ ᠵᠤᠤ ᡁᠢ ᠭᠠᠩ ᠄ ︽ᠠᠩᠬ᠎ᠠ ᠡᠬᠢᠯᠡᠭᠡᠳ ᠣᠷᠣᠯᠠᠨ | ᠦᠢᠯᠡᠳᠪᠦᠷᠢᠯᠡᠬᠦ ᠬᠡᠯᠪᠡᠷᠢ ᠪᠠᠷ ᠠᠵᠢᠯᠯᠠᠵᠤ ᠪᠠᠶᠢᠭᠰᠠᠨ ᠪᠤᠯ᠂ ᠤᠳᠤ ᠥᠪᠡᠷ ᠢᠶᠠᠨ ᠲᠦᠭᠦᠬᠡᠢ ᠮᠠᠲ᠋ᠧᠷᠢᠶᠠᠯ | ᠬᠤᠳᠠᠯᠳᠤᠨ ᠠᠪᠴᠤ ᠥᠪᠡᠷ ᠢᠶᠠᠨ ᠦᠢᠯᠡᠳᠪᠦᠷᠢᠯᠡᠵᠦ ᠪᠤᠷᠤᠯᠠᠭᠤᠯᠬᠤ ᠪᠤᠯᠤᠭᠰᠠᠨ᠂ ᠤᠳᠤ ᠰᠢᠶᠠᠩ ᠶᠠᠩ | ᠲᠣᠰᠬᠤᠨ ᠵᠢᠴᠢ ᠡᠷᠬᠢᠨ ᠲᠣᠭᠤᠷᠢᠨ ᠤ ᠲᠣᠰᠬᠤᠨ ᠢ ᠨᠥᠯᠥᠭᠡᠯᠡᠨ ᠲᠠᠶᠢᠴᠢᠯᠠᠵᠦ᠂ ᠨᠡᠶᠢᠳᠡ 40 ᠭᠠᠷᠤᠢ ᠬᠥᠮᠥᠨ | ᠳᠤ ᠠᠵᠢᠯ ᠤᠯᠭᠤᠵᠠᠢ᠂ ᠠᠵᠢᠯᠴᠢᠨ ᠤ ᠡᠳᠦᠷ ᠤᠨ ᠴᠠᠯᠢᠩ 130 ᠲᠥᠭᠦᠷᠢᠭ ᠤᠷᠴᠢᠮ ᠃ ᠵᠢᠱᠢᠯᠲᠡ ᠪᠠᠷ ᠡᠨᠡ | ᠵᠢᠯ ᠤᠨ ᠦᠢᠯᠡᠳᠬᠦᠨ ᠤ ᠦᠷᠳᠡᠭ 150 ᠲᠦᠮᠡ ᠳᠤ ᠬᠦᠷᠬᠦ ᠪᠣᠯᠣᠨ᠎ᠠ᠃ ᠲᠠᠷᠠᠭᠠᠴᠢ ᠶᠢᠨ ᠠᠯᠬᠤᠮ ᠳᠤ ᠪᠢᠳᠡ | ᠦᠢᠯᠡᠳᠪᠦᠷᠢᠯᠡᠯ ᠤᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ 100 ᠭᠠᠷᠤᠢ ᠬᠥᠮᠥᠨ ᠢ ᠲᠠᠶᠢᠴᠢᠯᠠᠵᠤ | ᠠᠵᠢᠯ ᠣᠯᠭᠤᠬᠤ ᠪᠠᠷ ᠴᠢᠷᠮᠠᠶᠢᠨ᠎ᠠ᠃ ᠲᠦᠰᠦᠪᠯᠡᠭᠰᠡᠨ ᠢᠶᠠᠷ ᠲᠠᠷᠠᠭ᠎ᠠ ᠵᠢᠯ ᠳᠤ ᠪᠠᠷᠤᠭ ᠳᠥᠷᠪᠡᠨ ᠵᠠᠭᠤᠨ ᠲᠦᠮᠡᠨ | ᠨᠡᠬᠡᠮᠡᠯ ᠤᠭᠤᠲᠠ ᠦᠢᠯᠡᠳᠪᠦᠷᠢᠯᠡᠵᠦ᠂ ᠬᠠᠮᠲᠤ ᠶᠢᠨ ᠠᠰᠢᠭ ᠣᠷᠣᠯᠭ᠎ᠠ 28 ᠲᠦᠮᠡᠨ ᠲᠥᠭᠦᠷᠢᠭ ᠢ | ᠪᠡᠶᠡᠯᠡᠬᠦᠯᠴᠢᠬᠡᠨ᠎ᠡ︾ ᠃ | ᠰᠢᠶᠠᠩ ᠶᠠᠩ ᠲᠣᠰᠬᠤᠨ ᠤ ᠲᠠᠷᠢᠶᠠᠴᠢᠨ ᠮᠠ ᠱᠤ᠋ ᠯᠢᠶᠠᠨ᠄ ︽ ᠶᠠᠳᠠᠭᠤ ᠶᠢ ᠲᠡᠳᠬᠦᠬᠦ ᠦᠢᠯᠡᠳᠪᠦᠷᠢ ᠶᠢᠨ | ᠲᠠᠰᠤᠭ ᠨᠢ ᠮᠠᠰᠢ ᠰᠠᠶᠢᠨ ᠪᠠᠶᠢᠨ᠎ᠠ᠂ ᠪᠢᠳᠡᠨ ᠰᠢᠭ ᠭᠠᠳᠠᠭᠰᠢ ᠭᠠᠷᠴᠤ ᠬᠥᠯᠥᠰᠦᠨ ᠠᠵᠢᠯ ᠬᠢᠵᠦ ᠳᠡᠶᠢᠯᠬᠦ ᠦᠭᠡᠢ | ᠂ ᠬᠦᠨᠳᠦ ᠠᠵᠢᠯ ᠬᠢᠵᠦ ᠳᠡᠶᠢᠯᠬᠦ ᠦᠭᠡᠢ ᠨᠠᠰᠤᠳᠠᠶᠢᠴᠤᠳ ᠪᠠ ᠡᠮᠡᠭᠲᠡᠶᠢᠴᠦᠳ ᠴᠤ ᠠᠶᠢᠯ ᠭᠡᠷ ᠢᠶᠠᠨ | ᠲᠤᠳᠤᠮᠳᠠᠬᠤ ᠶᠢᠨ ᠲᠠᠭᠠᠤ ᠪᠠᠰᠠ ᠦᠢᠯᠡᠳᠪᠦᠷᠢ ᠳᠤ ᠢᠷᠡᠵᠦ ᠬᠥᠯᠥᠰᠦᠨ ᠠᠵᠢᠯ ᠬᠢᠵᠦ ᠪᠠᠶᠢᠨ᠎ᠠ᠂ ᠮᠢᠨᠦ ᠬᠤᠪᠢ ᠳᠤ | ᠠᠳᠡ ᠠᠵᠢᠯᠯᠠᠭᠠᠳ ᠨᠢᠭᠡᠨᠲᠡ ᠲᠠᠪᠤᠨ ᠵᠢᠯ ᠪᠤᠯᠵᠠᠢ᠂ ᠰᠤᠯᠠ ᠵᠠᠷᠤᠬᠤ ᠵᠣᠭᠤᠰ ᠢᠶᠠᠨ ᠪᠤᠯ ᠰᠠᠨᠠᠭ᠎ᠠ ᠠᠮᠠᠷ | ᠤᠯᠴᠢᠬᠠᠨ᠎ᠠ᠂ ᠢᠯᠡᠭᠦᠦ ᠬᠥᠳᠡᠯᠮᠦᠷᠢᠯᠡᠪᠡᠯ ᠪᠠᠰᠠ ᠢᠯᠡᠭᠦᠦ ᠤᠯᠤᠨ᠎ᠠ᠂ ᠵᠠᠰᠠᠭ ᠤᠨ ᠣᠷᠳᠣᠨ ᠤ ᠬᠠᠯᠠᠮᠵᠢ | ᠳᠡᠮᠵᠢᠯᠭᠡ ᠳᠤ ᠲᠠᠯᠠᠷᠬᠠᠵᠤ ᠪᠠᠶᠢᠨ᠎ᠠ︾᠃ | ︽ᠳ᠋ᠠ ᠳ᠋ᠠ ᠳ᠋ᠠ᠂ ᠳ᠋ᠠ ᠳ᠋ᠠ ᠳ᠋ᠠ ……︾ ᠦᠢᠯᠡᠳᠪᠦᠷᠢ ᠶᠢᠨ ᠲᠠᠰᠤᠭ ᠲᠤ ᠣᠶᠣᠳᠠᠯ ᠤᠨ ᠮᠠᠰᠢᠨ ᠤ | ᠲᠠᠭᠤᠨ ᠦᠷᠭᠦᠯᠵᠢᠯᠡᠵᠦ᠂ ᠵᠣᠯ ᠵᠢᠷᠭᠠᠯᠲᠤ ᠠᠮᠢᠳᠤᠷᠠᠯ ᠤᠨ ᠬᠦᠭ ᠠᠶᠠᠰ ᠬᠠᠩᠬᠢᠨᠠᠭᠰᠠᠭᠠᠷ᠂᠂᠂᠂᠂᠂ |