ᠰᠢᠩ ᠹᠦ᠋ ᠰᠢᠶᠠᠩ ᠤᠨ ᠶᠦᠩ ᠸᠠᠩ ᠲᠣᠰᠬᠤᠨ ᠤ ᠢᠳᠡᠰᠢᠨ ᠨᠣᠭᠤᠭ᠎ᠠ ᠲᠠᠷᠢᠬᠤ ᠰᠠᠭᠤᠷᠢᠨ ᠭᠠᠵᠠᠷ ᠲᠤ | ᠬᠦᠷᠬᠦᠶ᠎ᠡ᠂ ᠮᠦᠷ ᠮᠦᠷ ᠰᠦᠯᠢᠶᠤᠤ ᠬᠦᠯᠡᠮᠵᠢ ᠵᠢᠭᠳᠡᠷᠡᠨ ᠵᠢᠭᠰᠠᠵᠤ᠂ ᠢᠳᠡᠰᠢᠨ ᠨᠤᠭᠤᠭᠠᠨ ᠤ ᠤᠷᠭᠤᠴᠠ ᠶᠢᠨ | ᠪᠠᠶᠢᠳᠠᠯ ᠬᠥᠮᠥᠨ ᠢ ᠪᠠᠶᠠᠰᠬᠠᠨ᠂ ᠲᠣᠰᠬᠤᠨ ᠤ ᠠᠷᠠᠳ ᠦᠪᠡᠷ ᠦᠪᠡᠷ ᠤᠨ ᠬᠤᠪᠢᠳᠠᠭᠰᠠᠨ ᠠᠵᠢᠯ ᠳᠠᠭᠠᠨ | ᠤᠨᠠᠭᠰᠠᠨ ᠮᠠᠯᠠᠭᠠᠢ ᠰᠢᠬᠦᠷᠬᠦ ᠵᠠᠪ ᠦᠬᠡᠢ ᠶᠠᠭᠠᠷᠠᠯᠳᠤᠨ᠎ᠠ᠃ ᠭᠤᠷᠪᠠᠨ ᠰᠠᠷ᠎ᠠ ᠶᠢᠨ ᠰᠡᠭᠦᠯᠴᠢ ᠪᠠᠷ ᠳᠠᠷᠢᠭᠰᠠᠨ ᠣᠷᠣᠰ | ᠰᠣᠩᠭᠢᠨ᠎ᠠ ᠡᠨᠡ ᠵᠢᠯ ᠤᠨ ᠠᠩᠬᠠᠳᠠᠭᠴᠢ ᠡᠯᠪᠡᠭ ᠬᠤᠷᠢᠶᠠᠯᠲᠠ ᠪᠠᠨ ᠤᠭᠲᠤᠵᠤ᠂ ᠠᠷᠪᠠᠭᠠᠳ ᠡᠳᠦᠷ ᠤᠨ ᠡᠮᠦᠨ᠎ᠡ | ᠳᠠᠷᠢᠭᠰᠠᠨ ᠪᠤᠷᠴᠠᠭ ᠤᠨ ᠦᠷ᠎ᠡ ᠴᠦ ᠨᠠᠬᠢᠶᠠᠯᠠᠭᠠᠳ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠷ | ᠪᠢᠯᠬᠠᠵᠤ᠂ ᠬᠥᠳᠡᠭᠡ ᠲᠣᠰᠬᠤᠨ ᠤ ᠦᠩᠭᠡ ᠦᠵᠡᠮᠵᠢ ᠶᠢ ᠬᠠᠷᠠᠭᠤᠯᠤᠨ᠎ᠠ᠃ 2022 ᠣᠨ ᠤ 9 ᠰᠠᠷ᠎ᠠ ᠳᠤ | ᠪᠠᠶᠢᠭᠤᠯᠵᠤ ᠳᠠᠭᠤᠰᠬᠠᠭᠰᠠᠨ ᠡᠨᠡᠬᠦ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠲᠤ ᠨᠡᠶᠢᠳᠡ 100 ᠲᠣᠮᠣ | ᠬᠦᠯᠡᠮᠵᠢ ᠲᠠᠢ᠃ ᠡᠨᠡ ᠵᠢᠯ ᠠᠴᠠ ᠡᠬᠢᠯᠡᠨ ᠲᠣᠰᠬᠤᠨ ᠤ ᠬᠢᠨ ᠬᠦᠯᠡᠮᠵᠢ ᠪᠠᠨ ᠭᠠᠳᠠᠨ᠎ᠠ ᠣᠷᠣᠨ ᠤ | ᠠᠷᠠᠯᠵᠢᠶᠠᠴᠢᠨ ᠳᠤ ᠲᠦᠷᠢᠶᠡᠰᠦᠯᠡᠨ ᠥᠭᠴᠦ ᠣᠷᠣᠰ ᠰᠣᠩᠭᠢᠨ᠎ᠠ ᠲᠠᠷᠢᠭᠤᠯᠵᠠᠢ᠂ ᠵᠢᠯ ᠤᠨ ᠲᠦᠷᠢᠶᠡᠰᠦᠨ ᠮᠥᠩᠭᠦ | ᠨᠢ 25 ᠲᠦᠮᠡᠨ ᠲᠥᠭᠦᠷᠢᠭ ᠪᠠᠶᠢᠵᠤ᠂ ᠪᠦᠬᠦᠨ ᠢ ᠬᠠᠮᠲᠤ ᠶᠢᠨ ᠠᠵᠤ ᠠᠬᠤᠢ ᠶᠢᠨ ᠣᠷᠣᠯᠭ᠎ᠠ ᠳᠤ | ᠤᠷᠤᠭᠤᠯᠤᠭᠰᠠᠨ ᠪᠠᠶᠢᠨ᠎ᠠ᠃ ᠣᠷᠣᠰ ᠰᠣᠩᠭᠢᠨ᠎ᠠ ᠲᠠᠷᠢᠬᠤ ᠦᠶᠡᠰ ᠦᠷ᠎ᠡ ᠰᠠᠴᠤᠬᠤ᠂ ᠰᠢᠷᠤᠢ ᠨᠡᠮᠡᠬᠦ᠂ ᠴᠢᠬᠢ | ᠪᠣᠶᠢᠵᠢᠭᠤᠯᠬᠤ ᠵᠡᠷᠭᠡ ᠠᠵᠢᠯ ᠳᠤ ᠶᠡᠭᠡ ᠬᠡᠮᠵᠢᠶᠡᠨ ᠤ ᠬᠥᠮᠥᠨ ᠤ ᠬᠦᠴᠦ ᠬᠡᠷᠡᠭᠰᠡᠳᠡᠭ ᠪᠣᠯᠬᠤᠷ ᠤᠶᠢᠷ᠎ᠠ ᠬᠠᠪᠢ | ᠶᠢᠨ ᠲᠠᠷᠢᠶᠠᠴᠢᠳ ᠢ ᠬᠦᠯᠦᠰᠦᠯᠡᠵᠦ ᠠᠵᠢᠯ ᠬᠥᠳᠡᠯᠮᠦᠷᠢ ᠬᠢᠯᠭᠡᠳᠡᠭ᠃ ︽ ᠠᠳᠡ ᠠᠵᠢᠯᠯᠠᠭᠠᠳ ᠬᠠᠭᠠᠰ ᠡᠳᠦᠷ | ᠲᠤ 200 ᠭᠠᠷᠤᠢ ᠲᠥᠭᠦᠷᠢᠭ ᠤᠨ ᠣᠷᠣᠯᠭ᠎ᠠ ᠤᠯᠳᠠᠭ᠂ ᠵᠢᠯ ᠳᠤ ᠳᠣᠯᠣᠭᠠᠨ ᠰᠠᠷ᠎ᠠ ᠢᠯᠡᠬᠦᠦ ᠠᠵᠢᠯᠯᠠᠨ᠎ᠠ᠂ ᠡᠨᠡ | ᠠᠵᠢᠯ ᠢ ᠬᠢᠬᠦ ᠳᠤ ᠲᠣᠩ ᠠᠮᠠᠷᠬᠠᠨ︾ ᠬᠡᠵᠦ ᠲᠣᠰᠬᠤᠨ ᠤ ᠠᠷᠠᠳ ᠸᠠᠩ ᠯᠠᠨ ᠤᠷᠤᠰ ᠰᠣᠩᠭᠢᠨ᠎ᠠ | ᠦᠭᠲᠡᠭᠡᠬᠦ ᠶᠢᠨ ᠳᠠᠭᠠᠤ ᠶᠠᠷᠢᠵᠤ ᠭᠠᠷᠤᠯ᠎ᠠ ᠃ | ᠶᠦᠩ ᠸᠠᠩ ᠲᠣᠰᠬᠤᠨ ᠤ ᠨᠠᠮ ᠤᠨ ᠡᠭᠦᠷ ᠤᠨ ᠱᠦᠵᠢ ᠵᠢᠶᠠ ᠳ᠋ᠦᠩ ᠱᠧᠩ᠄ ︽ᠡᠨᠡ ᠬᠠᠪᠤᠷ ᠤᠨ | ᠲᠦᠷᠦᠭᠦᠦ ᠪᠦᠯᠦᠭ ᠤᠨ ᠤᠷᠤᠰ ᠰᠣᠩᠭᠢᠨ᠎ᠠ ᠶᠢ ᠵᠠᠩᠪᠧᠢ᠂ ᠺᠠᠩ ᠪᠦᠦ ᠵᠡᠷᠭᠡ ᠭᠠᠵᠠᠷ ᠤᠨ ᠵᠠᠬᠢᠶᠠᠯᠠᠭ᠎ᠠ ᠪᠠᠷ | ᠲᠠᠷᠢᠵᠠᠢ᠂ ᠮᠠᠨ ᠤ ᠠᠳᠡ ᠲᠠᠷᠢᠬᠤ ᠨᠢ ᠪᠤᠰᠤᠳ ᠭᠠᠵᠠᠷ ᠢ ᠪᠤᠳᠤᠪᠠᠯ ᠨᠢᠭᠡ ᠬᠦᠯᠡᠮᠵᠢ ᠠᠴᠠ 10000 ᠭᠠᠷᠤᠢ | ᠲᠥᠭᠦᠷᠢᠭ ᠠᠷᠪᠢᠯᠠᠨ᠎ᠠ᠃ ᠮᠠᠨ ᠤ ᠲᠣᠰᠬᠤᠨ ᠪᠠ ᠤᠶᠢᠷ᠎ᠠ ᠬᠠᠪᠢ ᠶᠢᠨ ᠠᠶᠢᠯ ᠲᠣᠰᠬᠤᠨ ᠤ ᠵᠢᠷᠠᠭᠠᠳ | ᠬᠥᠮᠥᠨ ᠳᠤ ᠠᠵᠢᠯ ᠤᠯᠭᠤᠵᠤ ᠪᠤᠢ᠃ ᠤᠷᠤᠰ ᠰᠣᠩᠭᠢᠨ᠎ᠠ ᠲᠠᠷᠢᠵᠤ ᠪᠠᠷᠠᠭᠰᠠᠨ ᠤ ᠳᠠᠷᠠᠭ᠎ᠠ᠂ ᠬᠤᠶᠠᠳᠤᠭᠠᠷ | ᠪᠦᠯᠦᠭ ᠲᠤ ᠪᠤᠷᠴᠠᠭ ᠲᠠᠷᠢᠨ᠎ᠠ᠃ ᠣᠲᠣ ᠨᠢᠭᠡᠨᠲᠡ 24 ᠬᠦᠯᠡᠮᠵᠢ ᠪᠤᠷᠴᠠᠭ ᠲᠠᠷᠢᠭᠠᠳ᠂ ᠵᠠᠬᠢᠶᠠᠯᠠᠭ᠎ᠠ ᠶᠢᠨ | ᠬᠡᠯᠪᠡᠷᠢ ᠪᠠᠷ ᠪᠣᠷᠣᠯᠠᠭᠤᠯᠵᠤ ᠪᠤᠢ᠃ ᠬᠤᠷᠢᠶᠠᠯᠳᠠ ᠶᠢᠨ ᠡᠷᠡᠨ ᠪᠣᠯᠬᠤ ᠳᠤ᠂ ᠪᠠᠷᠤᠭ 100 ᠭᠠᠷᠤᠢ ᠠᠵᠢᠯᠴᠢᠨ | ᠭᠡᠷᠡᠭᠯᠡᠨ᠎ᠡ︾᠃ | ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠬᠢᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ᠂ ᠨᠡᠶᠢᠲᠡᠯᠢᠭ ᠵᠢᠱᠢᠶᠡᠨ ᠤ | ᠲᠠᠶᠢᠴᠢᠯᠠᠭ᠎ᠠ ᠂ ᠮᠡᠷᠭᠡᠵᠢᠯ ᠤᠨ ᠮᠦᠷᠳᠡᠯ ᠦᠢᠯᠡᠴᠢᠯᠡᠭᠡ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠪᠠᠷ ᠪᠠᠶᠠᠵᠢᠯ ᠤᠨ | ᠳᠠᠭᠠᠭᠤᠯᠤᠭᠴᠢ᠂ ᠲᠠᠷᠢᠶᠠᠯᠠᠩ ᠤᠨ ᠲᠣᠮᠣ ᠡᠷᠦᠬᠡ ᠶᠢ ᠵᠣᠷᠢᠭᠵᠢᠭᠤᠯᠤᠨ ᠵᠢᠯᠤᠭᠤᠳᠴᠤ᠂ ᠬᠦᠯᠡᠮᠵᠢ ᠶᠢᠨ | ᠨᠣᠭᠤᠭᠠᠨ ᠤ ᠠᠵᠤ ᠦᠢᠯᠡᠰ ᠢ ᠶᠡᠬᠡᠪᠡᠷ ᠬᠦᠭᠵᠢᠬᠦᠯᠦᠭᠡᠳ᠂ ᠣᠷᠣᠯᠭ᠎ᠠ ᠨᠡᠮᠡᠭᠳᠡᠭᠦᠯᠬᠦ ᠠᠷᠭ᠎ᠠ ᠵᠠᠮ ᠢ | ᠦᠷᠭᠡᠳᠭᠡᠵᠦ᠂ ᠠᠷᠠᠳ ᠢᠷᠭᠡᠳ ᠤᠨ ︽ᠵᠣᠭᠤᠰᠤᠨ ᠴᠦᠩᠬᠦ︾ ᠶᠢ ᠲᠦᠬᠦᠷᠭᠡᠵᠦ ᠪᠠᠶᠢᠨᠠᠮ᠃ |