ᠶᠦᠩ ᠹᠧᠩ ᠪᠠᠯᠭᠠᠰᠤ ︽ᠦᠨᠳᠦᠰᠦᠲᠡᠨ ᠤ ᠲᠥᠷᠥ ᠶᠢᠨ ᠪᠣᠳᠣᠯᠭ᠎ᠠ  ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/30
   ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠤᠯᠠᠮ ᠪᠠᠳᠤᠳᠬᠠᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂  ᠶᠦᠩ ᠹᠧᠩ ᠪᠠᠯᠭᠠᠰᠤ  ᠨᠢ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠰᠠᠷ᠎ᠠ︾ ᠪᠠᠷ ᠠᠵᠠ ᠲᠣᠬᠢᠶᠠᠯ ᠪᠤᠯᠭᠠᠨ᠂ ᠡᠯ᠎ᠡ ᠲᠣᠰᠬᠤᠨ ᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠭᠤᠣᠯ ᠰᠡᠳᠦᠪ ᠪᠣᠯᠭᠠᠭᠰᠠᠨ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ  ᠲᠦᠷᠢᠮ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠲᠠᠢ ᠬᠤᠯᠪᠤᠭᠠᠯᠠᠨ ᠡᠯ᠎ᠡ ᠲᠣᠰᠬᠤᠨ ᠳᠤ ᠭᠦᠨᠵᠡᠭᠡᠶᠢᠷᠡᠵᠦ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ  ᠲᠠᠶᠢᠯᠤᠮᠵᠢ ᠬᠢᠵᠦ ᠪᠠᠶᠢᠨ᠎ᠠ  ᠃ ᠲᠤᠬᠠᠶᠢᠯᠠᠪᠠᠯ᠂ ᠸᠢᠴᠠᠲ ᠲᠠᠪᠴᠠᠩ᠂  ᠲᠣᠰᠬᠤᠨ ᠤ ᠷᠠᠳᠢᠤ᠋   ᠶᠢ ᠠᠰᠢᠭᠯᠠᠬᠤ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠢᠴᠢᠶᠡᠯ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠪᠠᠷ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︾ ᠵᠡᠷᠭᠡ ᠶᠢ ᠣᠯᠠᠨ ᠲᠦᠮᠡᠨ ᠳᠤ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠲᠤᠬᠠᠢ  200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ 20 ᠭᠠᠷᠤᠢ ᠵᠤᠷᠪᠤᠰ ᠬᠦᠳᠡᠯᠡᠨ ᠪᠢᠴᠢᠬᠡᠰᠦ ᠶᠢ ᠡᠯᠬᠦᠵᠡᠢ᠃  ᠡᠶᠢᠨ ᠬᠦ᠋᠂ ᠳᠥᠭᠦᠮ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ  ᠣᠯᠠᠨ ᠲᠦᠮᠡᠨ ᠳᠤ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠢ ᠳᠠᠶᠢᠴᠢᠯᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠢ ᠢᠳᠡᠪᠬᠢᠲᠡᠢ ᠰᠤᠷᠤᠯᠴᠠᠭᠤᠯᠬᠤ ᠶᠢᠨ ᠬᠠᠮᠳᠤ᠂ ᠪᠣᠳᠠᠲᠤ ᠠᠵᠢᠯᠯᠠᠭ᠎ᠠ ᠪᠠᠷ ᠢᠶᠠᠨ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠳᠡᠮᠵᠢᠵᠦ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠤᠬᠠᠮᠰᠠᠷ   ᠠᠴᠠ ᠪᠠᠨ ᠬᠠᠮᠠᠭᠠᠯᠠᠬᠤ ᠬᠡᠷᠡᠭᠲᠡᠢ ᠬᠡᠵᠦ ᠤᠷᠢᠶᠠᠯᠠᠪᠠ᠃ ᠳᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤᠨ ᠤ  ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠱᠤᠭᠤᠮ ᠤᠨ ᠲᠣᠭᠤᠷᠢᠨ ᠳᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠠᠶᠢᠩᠭᠤ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠶᠡᠷᠦᠩᠬᠡᠢ ᠱᠦᠵᠢ  ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠤᠨ ᠲᠤᠤᠱᠯᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号