5 ᠰᠠᠷ᠎ᠠ ᠶᠢᠨ 30 ᠤ ᠡᠳᠦᠷ᠂ ᠲᠠᠶᠢᠹᠤᠰᠧ ᠬᠤᠰᠢᠭᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠥᠬᠦ ᠲᠠᠯ᠎ᠠ ᠪᠠᠷ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ ᠦᠨᠳᠦᠰᠦᠲᠡᠨ ᠤ ᠠᠵᠢᠯ ᠤᠨ | ᠵᠣᠬᠢᠴᠠᠭᠤᠯᠬᠤ ᠲᠤᠭᠳᠠᠯᠴᠠᠭᠠᠨ ᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ ᠬᠤᠷᠠᠯ ᠢ ᠡᠷᠭᠢᠯᠡᠪᠡ᠃ ᠬᠤᠷᠠᠯ ᠠᠴᠠ᠂ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠠᠵᠢᠯ ᠢ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠣᠯᠭᠠᠵᠤ᠂ ᠦᠨᠳᠦᠰᠦᠲᠡᠨ ᠤ | ᠠᠵᠢᠯ ᠢ ᠦᠨᠡᠨᠬᠦ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠶᠡᠬᠡᠪᠡᠷ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠴᠢᠷᠮᠠᠶᠢᠨ | ᠳᠡᠭᠡᠭᠰᠢᠯᠡᠭᠦᠯᠬᠦ ᠬᠡᠷᠡᠭᠲᠡᠢ᠃ ᠬᠠᠷᠠᠯᠲᠠ ᠴᠢᠭᠯᠡᠯ ᠢᠶᠠᠨ ᠲᠣᠳᠣᠷᠬᠠᠶᠢᠯᠠᠵᠤ᠂ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠲᠦᠪᠯᠡᠷᠡᠬᠦᠯᠦᠨ᠂ ᠭᠤᠣᠯᠳᠠᠯᠭ᠎ᠠ ᠶᠢ ᠲᠤᠪᠤᠶᠢᠯᠭᠠᠵᠤ᠂ ᠲᠤᠷᠠᠶᠢᠮ᠎ᠠ ᠴᠡᠭ ᠢ ᠪᠣᠶ ᠪᠤᠯᠭᠠᠨ᠂ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠡᠯ᠎ᠡ ᠲᠦᠷᠦᠯ ᠤᠨ ᠠᠵᠢᠯ ᠢ ᠪᠣᠳᠠᠲᠠᠢ ᠪᠥᠭᠡᠳ ᠪᠦᠲᠦᠮᠵᠢᠲᠡᠶ ᠪᠠᠷ | ᠰᠠᠶᠢᠲᠤᠷ ᠬᠢᠵᠦ᠂ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠲᠤᠰᠬᠠᠢ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠦᠨᠳᠦᠰᠦᠲᠡᠨ ᠤ ᠠᠵᠢᠯ ᠤᠨ ᠵᠣᠬᠢᠴᠠᠭᠤᠯᠬᠤ ᠲᠤᠭᠳᠠᠯᠴᠠᠭᠠᠨ ᠤ | ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠨᠢᠭᠡᠳᠦᠮᠡᠯ ᠹᠷᠣᠨᠲ ᠤᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |