5 ᠰᠠᠷ᠎ᠠ ᠶᠢᠨ 30 ᠤ ᠡᠳᠦᠷ ᠂ ᠲᠠᠶᠢᠹᠤᠰᠧ ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠬᠤᠷᠢᠭᠯᠠᠬᠤ | ᠲᠤᠪᠴᠢᠶᠠᠨ ᠤ ᠫᠠᠶᠢᠰᠠ ᠡᠯᠬᠦᠬᠦ ᠶᠤᠰᠤᠯᠠᠯ ᠶᠠᠪᠤᠭᠳᠠᠵᠤ ᠂᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠶᠣᠰᠣᠯᠠᠯ ᠳᠤ ᠤᠷᠤᠯᠴᠠᠨ ᠶᠠᠷᠢᠶ᠎ᠠ | ᠲᠠᠯᠪᠢᠵᠤ᠂ ᠳᠡᠳ᠋ ᠬᠤᠰᠢᠭᠤ ᠳᠠᠷᠤᠭ᠎ᠠ ᠡᠷᠳᠡᠨᠢᠪᠠᠭᠠᠳᠤᠷ ᠶᠣᠰᠣᠯᠠᠯ ᠢ ᠡᠷᠭᠢᠯᠡᠪᠡ᠃ ᠲᠠᠶᠢᠹᠤᠰᠧ ᠬᠤᠰᠢᠭᠤᠨ ᠤ | ᠡᠪᠡᠳᠴᠢᠨ ᠬᠢᠵᠢᠭ ᠰᠡᠷᠭᠡᠶᠢᠯᠡᠨ ᠬᠤᠷᠢᠭᠯᠠᠬᠤ ᠲᠤᠪᠴᠢᠶᠠᠨ ᠤ ᠫᠠᠶᠢᠰᠠ ᠡᠯᠬᠦᠭᠰᠡᠨ ᠨᠢ ᠡᠷᠡᠭᠦᠯ ᠬᠠᠮᠠᠭᠠᠯᠠᠯ ᠡᠷᠡᠭᠦᠯ | ᠮᠡᠨᠳᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠂ ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ︾ ᠶᠢ | ᠪᠠᠷᠢᠮᠲᠠᠯᠠᠬᠤ ᠶᠢᠨ ᠪᠣᠳᠠᠲᠤ ᠬᠡᠷᠡᠭᠴᠡᠭᠡ ᠪᠠᠶᠢᠵᠤ᠂ ᠲᠠᠶᠢᠹᠤᠰᠧ ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ | ᠬᠤᠷᠢᠭᠯᠠᠬᠤ ᠦᠢᠯᠡᠰ ᠤᠨ ᠴᠤ᠋ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠭ᠎ᠠ ᠶᠤᠮ᠃ | ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤ ᠨᠢ ᠡᠪᠡᠳᠴᠢᠨ ᠬᠢᠵᠢᠭ ᠰᠡᠷᠭᠡᠶᠢᠯᠡᠨ ᠬᠤᠷᠢᠭᠯᠠᠬᠤ | ᠰᠢᠰᠲ᠋ᠧᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠪ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠲᠠᠭᠤ | ᠲᠤᠨᠤᠭ ᠤᠨ ᠪᠠᠶᠢᠭᠤᠯᠤᠯᠳᠠ ᠂ ᠪᠠᠶᠢᠭᠤᠯᠤᠮᠵᠢ ᠶᠢᠨ ᠲᠤᠬᠢᠷᠠᠭᠤᠯᠤᠯᠳᠠ ᠵᠢᠴᠢ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠡᠷᠭᠡᠶᠢᠯᠡᠵᠦ ᠵᠠᠰᠠᠬᠤ ᠶᠢ ᠤᠶᠠᠯᠳᠤᠭᠤᠯᠤᠭᠰᠠᠨ᠂ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠭᠰᠡᠨ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ | ᠬᠤᠷᠢᠭᠯᠠᠭᠰᠠᠨ ᠡᠪᠡᠳᠴᠢᠨ ᠬᠢᠵᠢᠭ ᠰᠡᠷᠭᠡᠶᠢᠯᠡᠨ ᠬᠤᠷᠢᠭᠯᠠᠬᠤ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠤᠨ᠂ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠲᠣᠣᠷ ᠢ ᠨᠢᠭᠲᠠ ᠪᠠᠲᠤ ᠰᠦᠯᠵᠢᠬᠦ ᠪᠠᠷ ᠪᠠᠶᠢᠨ᠎ᠠ | ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ | ᠫᠠᠶᠢᠰᠠ ᠡᠯᠭᠦᠬᠦ ᠶᠣᠰᠣᠯᠠᠯ ᠳᠤ ᠤᠷᠤᠯᠴᠠᠪᠠ᠃ |