5 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠪᠥᠬᠦ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭᠠᠨ ᠤ ᠬᠤᠷᠠᠯ ᠪᠠ ᠲᠠᠶᠢᠹᠤᠰᠧ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ ᠠᠬᠤᠢ | ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠮᠠ ᠷᠦᠢ ᠮᠠᠨ᠂ ᠯᠢ | ᠵᠠᠨ ᠪᠦᠦ ᠬᠤᠷᠠᠯ ᠳᠤ ᠤᠷᠤᠯᠴᠠᠵᠠᠢ᠃ ᠬᠤᠷᠠᠯ ᠠᠴᠠ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠯᠲᠡ ᠶᠢᠨ ᠬᠤᠶᠠᠳᠤᠭᠠᠷ ᠤᠯᠠᠷᠢᠯ ᠤᠨ ᠪᠠᠶᠢᠴᠠᠭᠠᠯᠳᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠵᠡᠭᠳᠡᠯ ᠦᠯᠦ ᠭᠠᠷᠬᠤ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ︽ᠡᠷᠬᠢᠨ ᠬᠠᠷᠠᠬᠤ︾ ᠪᠣᠳᠠᠲᠠᠢ ᠠᠭᠤᠯᠭ᠎ᠠ ᠶᠢᠨ ᠲᠣᠭᠤᠷᠢᠨ ᠳᠤ᠂ ᠪᠠᠶᠢᠴᠠᠭᠠᠯᠳᠠ | ᠴᠡᠭᠴᠡᠯᠡᠯᠳᠡ ᠶᠢ ᠪᠥᠬᠦ ᠲᠠᠯ᠎ᠠ ᠪᠠᠷ ᠨᠠᠷᠢᠨ ᠨᠢᠮᠪᠠᠢ ᠥᠷᠨᠢᠭᠦᠯᠵᠦ ᠂ ᠪᠠᠶᠢᠴᠠᠭᠠᠯᠳᠠ ᠴᠡᠭᠴᠡᠯᠡᠯᠳᠡ ᠪᠠᠷ ᠳᠤᠲᠠᠭᠤᠳᠠᠯ | ᠪᠠ ᠪᠠᠭᠤᠷᠠᠢ ᠲᠠᠯ᠎ᠠ ᠪᠠᠨ ᠨᠥᠬᠦᠪᠦᠷᠢᠯᠡᠬᠦ ᠶᠢ ᠪᠡᠶᠡᠯᠡᠭᠦᠯᠵᠦ᠂ ᠪᠦᠬᠦᠯᠢ ᠴᠣᠭᠴᠠ ᠶᠢᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠬᠦᠷᠭᠡᠯᠡᠨ | ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠠᠵᠢᠯ ᠪᠦᠬᠦᠨ ᠳᠤ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠳᠤ | ᠰᠠᠭᠤᠵᠤ ᠬᠠᠪᠰᠤᠷᠤᠨ ᠲᠡᠳᠬᠦᠬᠦ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠶᠢᠨ ᠬᠠᠮᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠯᠤᠭ᠎ᠠ ᠪᠦᠬᠦ ᠲᠠᠯ᠎ᠠ ᠪᠠᠷ ᠪᠦᠲᠦᠮᠵᠢᠲᠡᠢ | ᠵᠣᠯᠭᠠᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |