ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠪᠠ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠩᠭ᠎ᠠ ᠱᠠᠭᠠᠷᠳᠠᠨ | ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠲᠦᠷᠢᠮᠵᠢᠬᠦᠯᠬᠦ ᠶᠢᠨ ᠲᠥᠯᠥᠭᠡ᠂ 5 | ᠰᠠᠷ᠎ᠠ ᠶᠢᠨ 29 ᠤ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠢ ᠵᠤᠬᠢᠶᠠᠨ ᠪᠠᠶᠢᠭᠤᠯᠵᠤ ︽ | ᠬᠤᠭᠤᠯᠠᠨ ᠭᠡᠷ ᠢ ᠰᠤᠭᠤᠴᠢᠨ ᠪᠠᠶᠢᠴᠠᠭᠠᠬᠤ︾ ᠠᠵᠢᠯᠯᠠᠭ᠎ᠠ ᠦᠷᠨᠢᠬᠦᠯᠵᠡᠢ᠃ ᠠᠵᠢᠯᠳᠠᠳ ᠰᠤᠭᠤᠴᠢᠨ ᠪᠠᠶᠢᠴᠠᠭᠠᠬᠤ | ᠠᠷᠭ᠎ᠠ ᠪᠠᠷ ᠬᠠᠷᠢᠶ᠎ᠠ ᠣᠷᠣᠨ ᠤ ᠪᠠᠨ ᠬᠤᠷᠢᠮ ᠨᠠᠶᠢᠷ ᠲᠠᠭᠠᠭᠠᠴᠢᠯᠠᠨ ᠡᠷᠭᠢᠯᠡᠬᠦ ᠨᠢᠭᠡᠴᠡ᠂ ᠰᠤᠷᠭᠠᠭᠤᠯᠢ ᠶᠢᠨ | ᠬᠤᠭᠤᠯᠠᠨ ᠭᠡᠷ᠂ ︽ᠵᠢᠵᠢᠭ ᠬᠤᠭᠤᠯᠠᠨ ᠰᠢᠷᠡᠭᠡ︾ ᠶᠢ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ ᠡᠯ᠎ᠡ | ᠢᠳᠡᠭᠡᠨ ᠤᠮᠳᠠᠭᠠᠨ ᠤ ᠨᠢᠭᠡᠴᠡ ᠳᠤ ︽ᠪᠦᠷᠢᠯᠭᠡᠨ ᠰᠦᠢᠳᠬᠡᠬᠦ ᠪᠤᠯ ᠢᠴᠢᠬᠦᠷᠢ ᠭᠤᠳᠤᠮᠰᠢᠭ᠂ ᠠᠷᠪᠢᠯᠠᠨ ᠭᠠᠮᠨᠠᠬᠤ | ᠪᠤᠯ ᠦᠩᠭᠡ ᠭᠡᠷᠡᠯ︾ ᠬᠡᠮᠡᠬᠦ ᠬᠡᠷᠡᠭᠯᠡᠭᠡᠨ ᠤ ᠠᠭᠤᠷ ᠠᠮᠢᠰᠬᠤᠯ ᠢ ᠪᠤᠶ ᠪᠤᠯᠭᠠᠭᠰᠠᠨ ᠪᠦᠭᠡᠳ ᠭᠡᠷᠡᠭᠯᠡᠭᠴᠢᠳ ᠲᠤ | ᠵᠣᠬᠢᠬᠤ ᠬᠡᠮᠵᠢᠶᠡᠨ ᠤ ᠬᠤᠭᠤᠯᠠ ᠤᠮᠳᠠ ᠵᠠᠬᠢᠶᠠᠯᠠᠬᠤ ᠶᠢ ᠰᠠᠨᠠᠭᠤᠯᠵᠤ᠂ ᠢᠳᠡᠭᠡᠨ ᠤᠮᠳᠠᠭᠠᠨ ᠪᠦᠷᠢᠯᠭᠡᠨ | ᠰᠦᠢᠳᠬᠡᠬᠦ ᠶᠢ ᠬᠤᠷᠢᠭᠯᠠᠬᠤ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠦᠢᠯᠡᠴᠢᠯᠡᠭᠡᠨ ᠤ ᠡᠯ᠎ᠡ | ᠭᠤᠭᠴᠤᠭ᠎ᠠ ᠳᠤ ᠢᠯᠡᠷᠡᠭᠦᠯᠵᠦ᠂ ᠢᠳᠡᠭᠡᠨ ᠤᠮᠳᠠᠭᠠᠨ ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠢ ᠭᠡᠵᠦ | ᠱᠠᠭᠠᠷᠳᠠᠪᠠ᠃ ᠡᠭᠦᠨ ᠤ ᠬᠠᠮᠲᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠦᠨᠡᠮᠯᠡᠯ ᠲᠡᠮᠳᠡᠭ ᠢᠶᠠᠨ | ᠢᠯᠡ ᠪᠠᠶᠢᠯᠭᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠳᠤᠯᠠᠬᠤ᠂ ᠪᠠᠷᠠᠭ᠎ᠠ ᠣᠷᠣᠭᠤᠯᠬᠤ ᠰᠢᠯᠭᠠᠨ | ᠪᠠᠶᠢᠴᠠᠭᠠᠯᠳᠠ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠵᠢᠴᠢ ᠠᠵᠢᠯᠯᠠᠭᠠᠨ ᠤ ᠲᠦᠷᠢᠮᠵᠢᠯ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠬᠢᠨᠠᠨ ᠪᠠᠶᠢᠴᠠᠭᠠᠵᠤ᠂ ᠠᠵᠤ ᠠᠬᠤᠶᠢᠯᠠᠯ ᠢ ᠱᠠᠭᠠᠷᠳᠠᠨ ᠢᠳᠡᠭᠡᠨ ᠤ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠪᠠᠶᠢᠴᠠᠭᠠᠬᠤ ᠳᠤᠮᠳᠠ | ᠣᠯᠵᠤ ᠮᠡᠳᠡᠭᠰᠡᠨ ᠠᠰᠠᠭᠤᠳᠠᠯ ᠳᠤ ᠬᠤᠭᠤᠴᠠᠭ᠎ᠠ ᠲᠤᠭᠳᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ | ᠲᠠᠯᠪᠢᠵᠠᠢ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠨᠢ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠤᠨ ᠡᠷᠴᠢᠮ ᠢᠶᠠᠨ | ᠤᠯᠠᠮ ᠴᠢᠩᠭᠠᠷᠠᠭᠤᠯᠵᠤ᠂ ︽ᠬᠤᠭᠤᠯᠠᠨ ᠭᠡᠷ ᠢ ᠰᠤᠭᠤᠴᠢᠨ ᠪᠠᠶᠢᠴᠠᠭᠠᠬᠤ︾ ᠵᠡᠷᠭᠡ ᠣᠯᠠᠨ ᠶᠠᠩᠵᠤ ᠶᠢᠨ ᠬᠠᠮᠢᠶ᠎ᠠ | ᠪᠦᠬᠦᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ | ᠬᠠᠤᠯᠢ ᠲᠦᠷᠢᠮ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠬᠦ ᠶᠢᠨ ᠬᠠᠮᠲᠤ᠂ ︽ᠪᠦᠷᠢᠯᠭᠡᠨ ᠰᠦᠢᠳᠬᠡᠬᠦ ᠪᠤᠯ ᠢᠴᠢᠬᠦᠷᠢ ᠭᠤᠳᠤᠮᠰᠢᠭ᠂ ᠠᠷᠪᠢᠯᠠᠨ ᠭᠠᠮᠨᠠᠬᠤ ᠪᠤᠯ | ᠦᠩᠭᠡ ᠭᠡᠷᠡᠯ︾ ᠬᠡᠮᠡᠬᠦ ᠬᠡᠷᠡᠭᠯᠡᠭᠡᠨ ᠤ ᠠᠭᠤᠷ ᠠᠮᠢᠰᠬᠤᠯ ᠢ ᠪᠦᠲᠦᠮᠵᠢᠲᠡᠶ ᠪᠣᠶ ᠪᠣᠯᠭᠠᠵᠤ᠂ ᠠᠷᠠᠳ ᠣᠯᠠᠨ ᠤ ︽ | ᠭᠡᠯᠡᠨ ᠤ ᠦᠵᠦᠬᠦᠷ ᠲᠠᠬᠢ ᠠᠮᠤᠷ ᠲᠦᠪᠰᠢᠨ︾ ᠢ ᠦᠨᠡᠨᠬᠦ ᠪᠠᠳᠤᠯᠠᠬᠤ ᠪᠠᠷ ᠪᠠᠶᠢᠨ᠎ᠠ᠃ |