ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ | ᠦᠨᠳᠦᠰᠦᠲᠡᠨ ᠤ ᠬᠠᠤᠯᠢ ᠴᠠᠭᠠᠵᠠ ᠲᠦᠷᠢᠮ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ︽ | ᠭᠤᠷᠪᠠᠨ ᠨᠢᠭᠡ︾ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ ᠶᠢᠨ ᠠᠵᠢᠯᠯᠠᠭᠠᠨ ᠤ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ ᠪᠤᠢ᠃ ᠨᠢᠭᠡ ᠤᠳᠠᠭᠠᠨ ᠤ ᠲᠤᠰᠬᠠᠢ | ᠰᠡᠳᠦᠪᠲᠦ ᠰᠤᠷᠤᠯᠴᠠᠯᠭ᠎ᠠ ᠶᠢ ᠡᠷᠬᠢᠯᠡᠭᠰᠡᠨ ᠃ ᠪᠠᠶᠢᠭᠤᠯᠭ᠎ᠠ ᠶᠢᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠴᠢ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪᠲᠦ ᠠᠵᠢᠯᠯᠠᠭ᠎ᠠ ᠶᠢ ᠦᠷᠨᠢᠬᠦᠯᠦᠨ᠂ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ | ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠤᠨ᠂ | ᠮᠡᠳᠡᠬᠦ ᠢᠲᠡᠭᠡᠬᠦ ᠬᠢᠬᠦ ᠶᠢ ᠨᠢᠭᠡᠳᠭᠡᠵᠡᠢ᠃ ᠨᠢᠭᠡ ᠤᠳᠠᠭᠠᠨ ᠤ ᠰᠦᠯᠵᠢᠶᠡᠨ ᠤ ᠰᠡᠳᠦᠪ ᠬᠠᠷᠢᠭᠤᠯᠬᠤ ᠠᠵᠢᠯᠯᠠᠭ᠎ᠠ | ᠳᠤ ᠤᠷᠤᠯᠴᠠᠭᠰᠠᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠤᠤᠱᠯᠠᠭᠤᠯᠬᠤ ᠲᠠᠢ ᠨᠢᠭᠲᠠ ᠤᠶᠠᠯᠳᠤᠭᠤᠯᠵᠤ᠂ ᠪᠠᠶᠢᠭᠤᠯᠭ᠎ᠠ ᠶᠢᠨ ᠺᠠᠳ᠋ᠷᠴᠤᠳ ᠢᠶᠠᠨ ᠵᠤᠬᠢᠶᠠᠨ ᠪᠠᠶᠢᠭᠤᠯᠵᠤ ᠂ | ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠲᠦᠷᠢᠮ | ᠲᠣᠭᠲᠠᠭᠠᠯ ᠤᠨ ᠱᠠᠩᠨᠠᠯᠳᠤ ᠤᠷᠤᠯᠳᠤᠭᠠᠨ ᠳᠤ ᠤᠷᠤᠯᠴᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠲᠥᠷᠥ ᠶᠢᠨ ᠪᠣᠳᠣᠯᠭ᠎ᠠ ᠶᠢᠨ ᠲᠤᠬᠠᠢ ᠤᠶᠢᠯᠠᠭᠠᠵᠤ ᠮᠡᠳᠡᠬᠦ ᠨᠣᠷᠮ᠎ᠠ ᠶᠢ ᠳᠡᠭᠡᠭᠰᠢᠯᠡᠭᠦᠯᠪᠡ᠃ ᠨᠢᠬᠡ ᠬᠤᠭᠤᠴᠠᠭᠠᠨ ᠤ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠤᠬᠠᠭᠤᠯᠭ᠎ᠠ ᠶᠢ ᠬᠢᠭᠰᠡᠨ᠃ ︽ | ᠲᠠᠶᠢᠹᠤᠰᠧ ᠬᠤᠰᠢᠭᠤᠨ ᠤ ᠠᠯᠤᠰ ᠡᠵᠡᠮᠰᠢᠯᠳᠦ ᠰᠤᠷᠭᠠᠨ ᠬᠥᠮᠦᠵᠢᠯ︾ ᠤᠨ ᠸᠢᠴᠠᠲ ᠲᠠᠪᠴᠠᠩ ᠢ ᠠᠰᠢᠭᠯᠠᠵᠤ᠂ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠲᠦᠷᠢᠮ ᠲᠣᠭᠲᠠᠭᠠᠯ ᠵᠡᠷᠭᠡ ᠠᠭᠤᠯᠭ᠎ᠠ ᠶᠢ | ᠨᠡᠶᠢᠳᠡᠯᠡᠨ᠂ ᠨᠠᠮ ᠤᠨ ᠦᠨᠳᠦᠰᠦᠲᠡᠨ ᠤ ᠣᠨᠣᠯ ᠢ ᠦᠨᠳᠦᠰᠦᠨ ᠱᠠᠲᠤᠨ ᠳᠤ ᠰᠢᠭᠤᠳ ᠬᠦᠷᠭᠡᠬᠦ᠂ ᠣᠯᠠᠨ | ᠲᠦᠮᠡᠨ ᠳᠤ ᠰᠢᠭᠤᠳ ᠬᠦᠷᠭᠡᠬᠦ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ |