ᠮᠠᠰᠢᠨ  ᠪᠠᠭᠠᠵᠢ ᠪᠠᠨ ᠲᠦᠬᠦᠷᠵᠢᠬᠦᠯᠵᠦ ᠬᠠᠪᠤᠷ ᠤᠨ ᠲᠠᠷᠢᠶᠠᠯᠠᠭ᠎ᠠ ᠳᠠᠭᠠᠨ ᠪᠡᠯᠡᠳᠭᠡᠨ᠎ᠡ
ᠨᠡᠶᠢᠲᠡᠯᠡᠭᠰᠡᠨ ᠴᠠᠭ᠄
2023/5/4
   ︽ᠵᠢᠯ ᠤᠨ ᠠᠵᠢᠯ ᠬᠠᠪᠤᠷ ᠲᠠᠭᠠᠨ︾  ᠭᠡᠳᠡᠭ ᠢᠶᠠᠷ  ᠂ ᠲᠡᠭᠷᠢ ᠠᠭᠠᠵᠢᠮ ᠢᠶᠠᠷ ᠲᠤᠯᠠᠭᠠᠷᠠᠵᠤ᠂  ᠬᠠᠪᠤᠷ ᠤᠨ ᠲᠠᠷᠢᠶᠠᠯᠠᠭ᠎ᠠ ᠤᠶᠢᠷᠠᠳᠬᠤ ᠶᠢ ᠲᠠᠭᠠᠯᠳᠤᠭᠠᠳ᠂  ᠲᠠᠶᠢᠹᠤᠰᠧ ᠬᠤᠰᠢᠭᠤᠨ ᠤ ᠬᠢᠨ  ᠲᠠᠷᠢᠶᠠᠯᠠᠩ ᠳᠤ ᠭᠡᠷᠡᠭᠯᠡᠬᠦ  ᠮᠠᠰᠢᠨ  ᠲᠥᠬᠦᠭᠡᠷᠦᠮᠵᠢ ᠪᠠᠨ  ᠪᠡᠯᠡᠳᠭᠡᠭᠡᠳ ᠶᠠᠭᠠᠷᠠᠯᠳᠤᠨ᠎ᠠ᠃ ᠣᠶᠢᠷ᠎ᠠ ᠳᠤ ᠰᠤᠷᠪᠤᠯᠵᠢᠯᠠᠭᠴᠢ ᠲᠠᠷᠢᠶᠠᠯᠠᠩ ᠤᠨ ᠮᠠᠰᠢᠨ ᠬᠤᠳᠠᠯᠳᠤᠨ ᠪᠣᠷᠣᠯᠠᠭᠤᠯᠬᠤ ᠠᠵᠤ ᠠᠬᠤᠶᠢᠯᠠᠯ  ᠢᠶᠠᠷ ᠲᠤᠭᠤᠷᠢᠨ ᠰᠤᠷᠪᠤᠯᠵᠢᠯᠠᠬᠤ ᠳᠤ᠂ ᠲᠣᠮᠣ ᠬᠡᠯᠪᠡᠷᠢ ᠶᠢᠨ ᠲᠷᠠᠺᠲ᠋ᠣᠷ᠂ ᠲᠥᠮᠥᠰᠥ ᠳᠠᠷᠢᠬᠤ ᠮᠠᠰᠢᠨ ᠵᠡᠷᠭᠡ  ᠰᠠᠤᠷᠢ ᠰᠠᠤᠷᠢ ᠮᠠᠰᠢᠨ ᠲᠦᠬᠦᠭᠡᠷᠦᠮᠵᠢ ᠤᠳ ᠢ ᠡᠩᠨᠡᠬᠦᠯᠦᠨ ᠵᠢᠬᠰᠠᠭᠠᠵᠤ᠂ ᠬᠤᠳᠠᠯᠳᠤᠨ ᠠᠪᠬᠤ ᠪᠠᠷ ᠢᠷᠡᠭᠰᠡᠨ ᠬᠦᠮᠦᠰ ᠮᠠᠰᠢᠨ ᠲᠦᠬᠦᠭᠡᠷᠦᠮᠵᠢ ᠶᠢᠨ ᠦᠢᠯᠡᠳᠦᠯ ᠴᠢᠳᠠᠮᠵᠢ ᠶᠢ ᠤᠶᠢᠯᠠᠭᠠᠨ᠂ ᠦᠨ᠎ᠡ ᠬᠠᠩᠰᠢ ᠶᠢ ᠬᠠᠷᠢᠴᠠᠭᠤᠯᠵᠤ᠂ ᠪᠤᠷᠤᠯᠠᠭᠤᠯᠤᠭᠴᠢ ᠶᠢᠨ ᠲᠠᠶᠢᠯᠪᠤᠷᠢ ᠲᠠᠨᠢᠯᠴᠠᠭᠤᠯᠭ᠎ᠠ ᠶᠢ ᠰᠣᠨᠣᠰᠴᠤ ᠪᠠᠶᠢᠯ᠎ᠠ᠃     ᠯᠧ ᠴᠤᠸᠠᠨ ᠲᠠᠷᠢᠶᠠᠯᠠᠩ ᠤᠨ ᠮᠠᠰᠢᠨ ᠤ ᠬᠢᠵᠠᠭᠠᠷᠲᠤ ᠺᠣᠮᠫᠠᠨᠢ ᠳᠤ᠂ ᠪᠣᠷᠤᠯᠠᠭᠤᠯᠭ᠎ᠠ ᠶᠢᠨ ᠳᠠᠭᠠᠭᠠᠮᠠᠯ ᠳ᠋ᠦ᠋ ᠶᠦᠩ ᠹᠧᠩ ᠢᠷᠡᠭᠰᠡᠨ ᠵᠣᠴᠢᠳ ᠲᠤ ᠲᠠᠷᠢᠶᠠᠯᠠᠩ ᠤᠨ ᠮᠠᠰᠢᠨ ᠤ ᠴᠢᠳᠠᠪᠬᠢ ᠶᠢᠨ ᠣᠨᠴᠠᠯᠢᠭ ᠪᠣᠯᠣᠨ ᠨᠥᠬᠦᠪᠦᠷᠢ ᠶᠢᠨ ᠪᠠᠷᠢᠮᠵᠢᠶ᠎ᠠ ᠶᠢ ᠲᠠᠨᠢᠯᠴᠠᠭᠤᠯᠤᠭᠠᠳ ᠶᠠᠭᠠᠷᠠᠨ᠎ᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠮᠠᠨ ᠤ ᠪᠣᠷᠣᠯᠠᠭᠤᠯᠵᠤ ᠪᠠᠶᠢᠭ᠎ᠠ ᠲᠷᠠᠺᠲ᠋ᠣᠷ ᠪᠣᠯ ᠪᠦᠷ ᠤᠯᠤᠰ ᠤᠨ ᠳᠣᠲᠣᠭᠠᠳᠤ   ᠶᠢᠨ ᠨᠡᠷᠡᠲᠦ ᠦᠢᠯᠡᠳᠪᠦᠷᠢ   ᠶᠢᠨ ᠪᠦᠳᠦᠭᠡᠭᠳᠡᠬᠦᠨ ᠪᠣᠯᠬᠤᠷ ᠴᠢᠨᠠᠷ ᠤᠨ ᠪᠠᠲᠤᠯᠠᠭ᠎ᠠ ᠲᠠᠢ ᠪᠠᠶᠢᠳᠠᠭ᠂ ᠪᠢᠳᠡ ᠪᠠᠰᠠ ᠭᠡᠷ ᠲᠤᠨᠢ ᠬᠦᠷᠴᠦ ᠰᠡᠯᠪᠢᠨ ᠵᠠᠰᠠᠬᠤ ᠦᠢᠯᠡᠴᠢᠯᠡᠭᠡ ᠶᠢ ᠬᠠᠩᠭᠠᠨ᠂ ᠲᠠᠷᠢᠶᠠᠯᠠᠩ ᠤᠨ ᠠᠵᠢᠯ ᠰᠠᠭᠠᠲᠠᠬᠤ ᠦᠭᠡᠢ ᠪᠠᠶᠢᠬᠤ ᠶᠢ ᠪᠠᠳᠤᠯᠠᠳᠠᠭ ᠪᠤᠯᠬᠤᠷ ᠲᠠᠷᠢᠶᠠᠴᠢᠳ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ  ᠭᠡᠷᠡᠭᠯᠡᠳᠡᠭ ᠶᠤᠮ︾  ᠭᠡᠨ᠎ᠡ᠃      ᠲᠠᠷᠢᠶᠠᠴᠢᠨ ᠷᠧᠨ ᠰᠢᠶᠣᠣ ᠵᠦᠩ᠄ ︽ᠣᠳᠣᠬᠠᠨ ᠳᠤ ᠲᠠᠷᠢᠶ᠎ᠠ ᠲᠠᠷᠢᠬᠤ ᠠᠵᠢᠯ ᠨᠢ ᠪᠦᠷ ᠮᠠᠰᠢᠨ ᠮᠧᠬᠠᠨᠢᠭ  ᠲᠤ ᠲᠦᠰᠢᠭᠯᠡᠨ᠎ᠡ᠂  ᠮᠠᠰᠢᠨᠴᠢᠯᠠᠯᠳᠠ ᠨᠢ ᠴᠠᠭ ᠬᠦᠴᠦᠨ ᠳᠤ ᠠᠷᠪᠢᠲᠠᠢ᠂  ᠮᠠᠰᠢᠨ ᠲᠦᠬᠦᠭᠡᠷᠦᠮᠵᠢ ᠬᠤᠳᠠᠯᠳᠤᠨ  ᠠᠪᠬᠤ ᠳᠤ ᠤᠯᠤᠰ ᠠᠴᠠ ᠪᠠᠰᠠ ᠨᠥᠬᠦᠪᠦᠷᠢ ᠤᠯᠭᠤᠵᠤ ᠪᠠᠶᠢᠨ᠎ᠠ᠂ ᠮᠠᠨ ᠤ  ᠦᠢᠯᠡᠳᠪᠦᠷᠢᠯᠡᠯ  ᠡᠳᠦᠷ ᠠᠴᠠ ᠡᠳᠦᠷ ᠤᠳᠤᠬᠢᠴᠢᠯᠠᠵᠤ᠂ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ︾᠃     ᠲᠠᠷᠢᠶᠠᠯᠠᠩ ᠦᠢᠯᠡᠳᠪᠦᠷᠢᠯᠡᠯ ᠤᠨ ︽ᠬᠠᠪᠤᠷ ᠤᠨ ᠳᠠᠶᠢᠯᠠᠯᠳᠤᠭᠠᠨ︾ ᠢ ᠪᠦᠬᠦ ᠬᠦᠴᠦᠨ ᠢᠶᠠᠷ ᠰᠠᠶᠢᠨ ᠬᠢᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ  ᠡᠬᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠬᠠᠩᠭᠠᠯᠭ᠎ᠠ᠂ ᠮᠡᠷᠭᠡᠵᠢᠯ ᠤᠨ ᠦᠢᠯᠡᠴᠢᠯᠡᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ  ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ  ᠰᠠᠶᠢᠳᠤᠷ ᠨᠠᠶᠢᠳᠠᠪᠤᠷᠢᠵᠢᠭᠤᠯᠵᠤ᠂ ᠮᠠᠰᠢᠨ ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠲᠠᠯᠠᠪᠠᠷ ᠵᠢᠯᠤᠭᠤᠳᠤᠯᠭ᠎ᠠ ᠬᠠᠩᠭᠠᠨ᠂ ᠲᠠᠷᠢᠶᠠᠯᠠᠩ ᠤᠨ ᠮᠠᠰᠢᠨ ᠤ ᠦᠢᠯᠡᠳᠦᠯ ᠴᠢᠳᠠᠮᠵᠢ ᠶᠢ ᠬᠦᠢᠴᠡᠳ ᠪᠠᠳᠠᠷᠠᠭᠤᠯᠵᠤ  ᠂ ᠬᠠᠪᠤᠷ ᠤᠨ ᠲᠠᠷᠢᠶᠠᠯᠠᠭ᠎ᠠ ᠶᠢ ᠤᠷᠤᠭᠰᠢᠳᠠᠢ ᠬᠢᠬᠦ ᠪᠠᠷ ᠴᠢᠷᠮᠠᠶᠢᠵᠤ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号