ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠴᠠᠭᠠᠰᠤᠨ ᠬᠠᠶᠢᠴᠢᠯᠠᠮᠠᠯ ᠱᠠᠩᠨᠠᠯ ᠬᠦᠷᠳᠡᠯ᠎ᠡ
ᠨᠡᠶᠢᠲᠡᠯᠡᠭᠰᠡᠨ ᠴᠠᠭ᠄
2023/5/5
 5 ᠰᠠᠷ᠎ᠠ ᠶᠢᠨ 1 ᠠᠴᠠ 2  ᠤᠨ ᠡᠳᠦᠷ ᠪᠣᠯᠲᠠᠯ᠎ᠠ᠂ ︽ ᠰᠢᠵᠢᠷ ᠨᠡᠷᠡᠨ ᠤ ᠭᠡᠷᠡᠯ ᠳᠤ ᠢᠪᠡᠭᠡᠭᠳᠡᠵᠦ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ︾ ᠰᠢᠯᠢ ᠶᠢᠨ ᠭᠤᠣᠯ ᠠᠶᠢᠮᠠᠭ ᠤᠨ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ ᠰᠠᠶᠢᠬᠠᠨ ᠤ ᠦᠵᠡᠭᠦᠯᠦᠯᠭᠡ ᠶᠢᠨ ᠴᠤᠭᠯᠠᠭᠠᠨ ᠰᠢᠯᠢ ᠶᠢᠨ ᠭᠤᠣᠯ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠪᠦᠳᠦᠭᠡᠭᠳᠡᠬᠦᠨ ᠤ ᠦᠢᠯᠡᠳᠭᠡᠯ ᠤᠨ ᠭᠠᠵᠠᠷ ᠤᠨ ᠰᠢᠯᠭᠠᠷᠠᠭᠤᠯᠤᠯᠲᠠ ᠳᠤ ᠲᠠᠶᠢᠹᠤᠰᠧ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠴᠠᠭᠠᠰᠤᠨ ᠬᠠᠶᠢᠴᠢᠯᠠᠮᠠᠯ ᠤᠨ  ᠦᠢᠯᠡᠳᠭᠡᠯ ᠤᠨ ᠦᠷᠦᠭᠡ ᠨᠢ ᠨᠢᠭᠡᠳᠦᠭᠡᠷ ᠳᠡᠰ ᠤᠨ ᠱᠠᠩᠨᠠᠯ  ᠬᠦᠷᠳᠡᠭᠰᠡᠨ ᠪᠠᠶᠢᠨ᠎ᠠ᠃
   ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢ ᠬᠠᠶᠢᠬᠤ᠂  ᠪᠤᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠠᠮ ᠢᠶᠠᠷ ᠵᠤᠭᠰᠤᠯ ᠦᠭᠡᠢ ᠤᠷᠤᠭᠰᠢᠯᠠᠵᠤ ᠢᠷᠡᠭᠰᠡᠨ ᠶᠤᠮ᠃ 2016 ᠣᠨ ᠳᠤ ᠴᠠᠭᠠᠰᠤᠨ ᠬᠠᠶᠢᠴᠢᠯᠠᠮᠠᠯ ᠤᠨ ᠦᠢᠯᠡᠳᠬᠡᠯ ᠤᠨ ᠦᠷᠦᠭᠡ ᠨᠢ ᠪᠠᠶᠢᠭᠤᠯᠤᠭᠳᠠᠭᠰᠠᠨ ᠠᠴᠠ ᠨᠠᠰᠢ᠂ ᠪᠠᠭᠰᠢ ᠰᠤᠷᠤᠭᠴᠢᠳ ᠤᠨ  ᠤᠷᠠᠨ ᠪᠦᠲᠦᠭᠡᠯ ᠨᠢ ᠤᠷᠤᠨ᠂ ᠠᠶᠢᠮᠠᠭ᠂ ᠬᠤᠰᠢᠭᠤᠨ ᠤ ᠤᠷᠠᠯᠢᠭ ᠤᠨ ᠴᠤᠭᠯᠠᠭᠠᠨ  ᠳᠤ ᠤᠯᠠᠨ ᠤᠳᠠᠭ᠎ᠠ ᠱᠠᠩᠨᠠᠯ ᠬᠦᠷᠲᠡᠵᠡᠢ᠃ ᠨᠢᠭᠡ ᠲᠦᠷᠦᠯ ᠤᠨ ᠣᠨᠴᠠᠯᠢᠭᠲᠤ ᠰᠤᠷᠭᠠᠨ ᠬᠥᠮᠦᠵᠢᠯ ᠪᠣᠯᠤᠭᠰᠠᠨ ᠤ ᠬᠤᠪᠢ ᠳᠤ᠂  ᠴᠠᠭᠠᠰᠤᠨ ᠬᠠᠶᠢᠴᠢᠯᠠᠮᠠᠯ ᠬᠡᠮᠡᠬᠦ ᠤᠯᠠᠮᠵᠢᠯᠠᠯᠳᠤ ᠭᠠᠷ ᠤᠷᠠᠯᠠᠯ ᠨᠢ ︽ᠪᠣᠳᠠᠰ ᠤᠨ ᠪᠤᠰᠤ ᠰᠣᠶᠣᠯ ᠤᠨ ᠥᠪ︾ ᠤᠨ ᠲᠤᠬᠠᠢ ᠰᠤᠷᠤᠭᠴᠢᠳ ᠤᠨ ᠣᠶᠢᠯᠠᠭᠠᠯᠲᠠ ᠪᠠ ᠪᠠᠭ᠋ᠠᠷᠬᠠᠯ ᠢ ᠨᠡᠮᠡᠭᠳᠡᠭᠦᠯᠵᠦ᠂ ︽ᠪᠣᠳᠠᠰ ᠤᠨ ᠪᠤᠰᠤ ᠰᠣᠶᠣᠯ ᠤᠨ ᠥᠪ︾  ᠢᠶᠠᠨ ᠤᠯᠠᠮᠵᠢᠯᠠᠨ ᠬᠠᠮᠠᠭᠠᠯᠠᠬᠤ ᠤᠬᠠᠮᠰᠠᠷ ᠢ ᠰᠤᠷᠤᠭᠴᠢᠳ ᠤᠨ ᠰᠡᠳᠬᠢᠯ ᠳᠤ ᠦᠨᠳᠦᠰᠦᠯᠡᠬᠦᠯᠦᠭᠡᠳ᠂ ᠰᠤᠷᠭᠠᠭᠤᠯᠢ ᠶᠢᠨ ᠬᠦᠷᠢᠶᠡᠨ ᠤ ᠳᠣᠲᠣᠨ᠎ᠠ ᠭᠠᠳᠠᠨ᠎ᠠ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号