ᠲᠠᠶᠢᠹᠤᠰᠧ ᠬᠤᠰᠢᠭᠤ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠪᠠᠨ ᠡᠬᠢᠯᠡᠬᠦᠯᠪᠡ
ᠨᠡᠶᠢᠲᠡᠯᠡᠭᠰᠡᠨ ᠴᠠᠭ᠄
2023/5/6
  5 ᠰᠠᠷ᠎ᠠ ᠶᠢᠨ 5 ᠤ ᠡᠳᠦᠷ᠂  ᠲᠠᠶᠢᠹᠤᠰᠧ ᠬᠤᠰᠢᠭᠤᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂  ᠸᠠᠩ ᠸᠧᠢ ᠬᠤᠩ᠂ ᠬᠡᠰᠢᠭᠲᠦ᠂ ᠳ᠋ᠦ᠋ ᠸᠧᠢ᠂ ᠯᠢ ᠱᠣᠸ ᠯᠢᠨ ᠶᠣᠰᠣᠯᠠᠯ ᠳᠤ ᠤᠷᠤᠯᠴᠠᠨ᠂ ᠰᠡᠴᠡᠨᠴᠣᠭᠲᠤ ᠶᠣᠰᠣᠯᠠᠯ ᠢ  ᠡᠷᠬᠢᠯᠡᠵᠦ᠂ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠳᠠᠨ  ᠬᠠᠮᠢᠶᠠᠷᠬᠤ ᠤᠳᠤᠷᠢᠳᠤᠯᠭ᠎ᠠ  ᠶᠣᠰᠣᠯᠠᠯ ᠳᠤ ᠤᠷᠤᠯᠴᠠᠪᠠ᠃ ᠸᠠᠩ ᠸᠧᠢ ᠬᠤᠩ ᠪᠠᠶᠠᠷ ᠤᠨ ᠦᠭᠡ ᠬᠡᠯᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠤᠯᠭᠠᠨ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ  ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠲᠦᠷᠢᠮ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠦᠷᠨᠢᠬᠦᠯᠦᠨ᠂ ᠬᠥᠭᠵᠢᠯᠲᠡ ᠶᠢ ᠠᠳᠬᠤᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠡᠶ᠎ᠡ ᠵᠣᠬᠢᠴᠠᠯ ᠢ ᠠᠬᠢᠭᠤᠯᠬᠤ ᠡᠯ᠎ᠡ ᠲᠦᠷᠦᠯ ᠤᠨ ᠠᠵᠢᠯ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠯᠤᠭ᠎ᠠ ᠨᠢᠭᠲᠠ ᠤᠶᠠᠯᠳᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠦᠴᠦᠨ ᠨᠡᠮᠡᠷᠢᠯᠡᠵᠦ᠂ ᠣᠳᠣᠬᠢᠴᠢᠯᠠᠭᠰᠠᠨ ᠰᠠᠶᠢᠨ ᠰᠠᠶᠢᠬᠠᠨ ᠲᠠᠶᠢᠹᠤᠰᠧ ᠬᠤᠰᠢᠭᠤᠨ ᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠭᠡᠷᠡᠭᠳᠡᠢ ᠬᠡᠵᠦ ᠵᠢᠭᠠᠨ ᠭᠠᠷᠭᠠᠵᠠᠢ᠃  ᠠᠵᠢᠯᠯᠠᠭᠠᠨ ᠤ ᠠᠬᠤᠢ ᠲᠠᠯᠠᠪᠠᠶ ᠳᠤ  ᠤᠬᠠᠭᠤᠯᠭ᠎ᠠ ᠶᠢᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠪᠤᠰᠬᠠᠬᠤ ᠬᠡᠯᠪᠡᠷᠢ ᠪᠠᠷ ᠨᠠᠮ ᠪᠠ ᠤᠯᠤᠰ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ᠂ ᠬᠠᠤᠯᠢ ᠲᠦᠷᠢᠮ ᠢ ᠣᠯᠠᠨ ᠲᠦᠮᠡᠨ ᠳᠤ ᠤᠬᠠᠭᠤᠯᠤᠭᠰᠠᠨ ᠤ ᠬᠠᠮᠳᠤ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠦᠨᠳᠦᠰᠦᠲᠡᠨ ᠤ ᠠᠵᠢᠯ ᠤᠨ ᠵᠠᠭᠤᠨ ᠰᠡᠳᠦᠪ︾ ︽ᠦᠨᠳᠦᠰᠦᠲᠡᠨ ᠤ ᠵᠢᠷᠤᠭᠲᠤ ᠰᠡᠳᠬᠦᠯ︾ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 800 ᠭᠠᠷᠤᠢ ᠬᠤᠪᠢ ᠲᠠᠷᠬᠠᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号