ᠲᠠᠶᠢᠹᠤᠰᠧ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠥᠪᠯᠡᠯ ᠤᠨ 2023 ᠣᠨ ᠤ ᠠᠩᠬᠠᠳᠤᠭᠠᠷ ᠪᠦᠬᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/5/8
   5 ᠰᠠᠷ᠎ᠠ ᠶᠢᠨ 6 ᠤ ᠡᠳᠦᠷ᠂ ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠥᠪᠯᠡᠯ ᠤᠨ 2023 ᠣᠨ ᠤ ᠠᠩᠬᠠᠳᠤᠭᠠᠷ ᠪᠥᠬᠦᠳᠡ ᠬᠤᠷᠠᠯ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠥᠪᠯᠡᠯ ᠤᠨ ᠡᠷᠬᠢᠯᠡᠭᠴᠢ ᠬᠡᠰᠢᠭᠲᠦ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂  ᠪᠣᠯᠪᠠᠰᠤᠨ ᠤ ᠪᠤᠶᠢᠵᠢᠭᠤᠯᠤᠯᠳᠠ᠂ ᠪᠣᠯᠪᠠᠰᠤᠨ ᠤ ᠦᠢᠯᠡᠳᠦᠯᠬᠡᠵᠢᠬᠦᠯᠦᠯᠳᠡ᠂ ᠪᠣᠯᠪᠠᠰᠤᠨ ᠤ ᠪᠠᠶᠢᠭᠤᠯᠤᠯᠳᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠤᠨ ᠠᠷᠭ᠎ᠠ ᠮᠠᠶ᠋ᠢᠭ ᠢᠶᠠᠨ ᠰᠢᠨᠡᠴᠢᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠡᠯ᠎ᠡ ᠲᠦᠷᠦᠯ ᠤᠨ ᠠᠵᠢᠯ ᠡᠭᠦᠷᠭᠡ ᠶᠢᠨ ᠪᠣᠳᠠᠲᠠᠢ ᠳᠤ ᠨᠠᠶᠢᠳᠠᠪᠤᠷᠢᠵᠢᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠪᠥᠬᠦ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ  ᠴᠢᠨᠠᠭᠰᠢᠳᠠ ᠠᠬᠢᠭᠤᠯᠬᠤ ᠭᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠰᠢᠯᠢ ᠶᠢᠨ ᠭᠤᠣᠯ ᠠᠶᠢᠮᠠᠭ ᠤᠨ 2023 ᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠩᠬᠠᠳᠤᠭᠠᠷ  ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠠᠶᠢᠮᠠᠭ ᠤᠨ ᠳᠡᠰ ᠤᠨ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠰᠤᠷᠭᠠᠭᠤᠯᠢ ᠳᠤ ᠫᠠᠶᠢᠰᠠ ᠣᠯᠭᠤᠵᠤ᠂ ᠠᠶᠢᠮᠠᠭ ᠤᠨ ᠳᠡᠰ ᠤᠨ ᠪᠣᠯᠪᠠᠰᠤᠨ ᠭᠡᠷ ᠪᠦᠯᠢ ᠪᠠ ᠶᠣᠰᠣ ᠰᠤᠷᠲᠠᠬᠤᠨ ᠤ ᠵᠢᠱᠢᠶᠡᠴᠢ ᠳᠤ ᠦᠨᠡᠮᠯᠡᠯ ᠤᠯᠭᠤᠵᠠᠢ᠃ ᠬᠤᠷᠠᠯ ᠲᠡᠭᠡᠷ᠎ᠡ ᠪᠠᠰᠠ ︽ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ 2023 ᠣᠨ ᠤ ᠠᠵᠢᠯ ᠤᠨ ᠪᠠᠶᠢᠷᠢᠯᠠᠭᠤᠯᠤᠯᠳᠠ︾ ︽ᠪᠥᠬᠦ ᠬᠤᠰᠢᠭᠤᠨ ᠤ ᠪᠣᠯᠪᠠᠰᠤᠨ ᠨᠢᠭᠡᠴᠡ ᠶᠢ ᠰᠠᠶᠢᠰᠢᠶᠠᠨ ᠬᠥᠬᠢᠭᠦᠯᠬᠦ ᠲᠤᠬᠠᠢ ᠲᠣᠭᠲᠠᠭᠠᠯ ︾ ᠢ  ᠶᠠᠷᠢᠯᠴᠠᠨ ᠵᠦᠪᠯᠡᠭᠰᠡᠨ ᠪᠠᠶᠢᠨ᠎ᠠ᠃ ᠯᠢ ᠱᠤᠤ ᠯᠢᠨ᠂ ᠯᠢᠦ ᠲᠢᠩ ᠰᠢᠸ ᠵᠢᠴᠢ  ᠤᠬᠠᠭᠤᠯᠬᠤ ᠬᠡᠯᠲᠡᠰ ᠤᠨ ᠤᠳᠤᠷᠢᠳᠬᠤ ᠪᠠᠭ ᠤᠨ ᠭᠡᠰᠢᠬᠦᠳ᠂  ᠣᠶᠤᠨ ᠤ ᠪᠣᠯᠪᠠᠰᠤᠨ ᠤ ᠪᠠᠶᠢᠭᠤᠯᠤᠯᠳᠠ ᠶᠢᠨ ᠵᠥᠪᠯᠡᠯ ᠤᠨ ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂  ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠤᠬᠠᠭᠤᠯᠬᠤ ᠭᠡᠰᠢᠭᠦᠨ᠂ ᠠᠶᠢᠮᠠᠭ ᠤᠨ ᠲᠠᠰ ᠤᠨ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠰᠤᠷᠭᠠᠭᠤᠯᠢ ᠶᠢᠨ ᠬᠠᠷᠢᠭᠤᠴᠠᠯᠭᠠᠳᠠᠨ ᠂ ᠪᠣᠯᠪᠠᠰᠤᠨ ᠭᠡᠷ ᠪᠦᠯᠢ ᠶᠢᠨ ᠬᠢᠨ᠂ ᠶᠣᠰᠣ ᠰᠤᠷᠲᠠᠬᠤᠨ ᠤ ᠵᠢᠱᠢᠶᠡᠴᠢ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号