ᠲᠠᠶᠢᠹᠤᠰᠧ ᠬᠤᠰᠢᠭᠤᠨ ᠤ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠦᠰᠦᠪ
ᠨᠡᠶᠢᠲᠡᠯᠡᠭᠰᠡᠨ ᠴᠠᠭ᠄
2023/5/8
    ᠲᠠᠶᠢᠹᠤᠰᠧ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠦᠰᠦᠪ ᠨᠢ ᠳᠥᠷᠪᠡᠨ ᠬᠡᠰᠡᠭ ᠢᠶᠠᠷ ᠪᠦᠷᠢᠯᠳᠦᠵᠡᠢ᠂ ᠡᠭᠦᠨ ᠳᠤ ᠶᠡᠷᠦᠩᠬᠡᠢ ᠱᠠᠭᠠᠷᠳᠠᠯᠭ᠎ᠠ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠂  ᠪᠠᠳᠤᠯᠠᠭᠠᠨ ᠤ ᠠᠷᠭ᠎ᠠ ᠬᠡᠮᠵᠢᠶ᠎ᠡ ᠪᠠᠭᠲᠠᠨ᠎ᠠ᠃     ᠨᠢᠭᠡ᠂ ᠶᠡᠷᠦᠩᠬᠡᠢ ᠱᠠᠭᠠᠷᠳᠠᠯᠭ᠎ᠠ᠄    ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠪᠠ ᠠᠵᠤ ᠠᠬᠤᠢ ᠶᠢ ᠴᠢᠨᠠᠷ ᠰᠠᠶᠢᠲᠠᠢ  ᠬᠦᠭᠵᠢᠬᠦᠯᠬᠦ ᠶᠢᠨ ᠱᠠᠭᠠᠷᠳᠠᠯᠭ᠎ᠠ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠠᠬᠢᠭᠤᠯᠵᠤ᠂ ᠬᠡᠯᠬᠢᠶᠡᠰᠦ ᠶᠢ ᠡᠬᠦᠳᠬᠦ᠂ ᠬᠡᠯᠬᠢᠶᠡᠰᠦ ᠶᠢ ᠤᠷᠲᠤᠳᠬᠠᠬᠤ᠂ ᠬᠡᠯᠬᠢᠶᠡᠰᠦ ᠶᠢ ᠨᠥᠬᠦᠪᠦᠷᠢᠯᠡᠬᠦ᠂ ᠬᠡᠯᠬᠢᠶᠡᠰᠦ ᠶᠢ ᠴᠢᠩᠭᠠᠳᠬᠠᠬᠤ ᠲᠥᠷᠥᠯ ᠵᠦᠢᠯ ᠢ ᠣᠷᠣᠭᠤᠯᠤᠨ ᠠᠪᠴᠢᠷᠠᠬᠤ  ᠪᠠᠨ ᠲᠦᠷᠭᠡᠳᠭᠡᠵᠦ᠂ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠣᠣᠷᠠᠳᠤ ᠤᠷᠤᠰᠬᠠᠯ ᠳᠠᠰᠢ ᠤᠷᠲᠤᠳᠬᠠᠬᠤ᠂ ᠳᠤᠮᠳᠠ ᠳᠡᠭᠡᠳᠦ ᠲᠠᠰ ᠵᠦᠭ ᠤᠷᠤᠭᠰᠢᠯᠠᠭᠤᠯᠬᠤ ᠶᠢ ᠠᠬᠢᠭᠤᠯᠤᠨ᠂ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠬᠤᠷᠠᠮᠳᠤᠭᠤᠯᠤᠨ᠎ᠠ᠃     ᠬᠤᠶᠠᠷ᠂ ᠭᠤᠣᠯ ᠬᠠᠷᠠᠯᠲᠠ᠄    190  ᠡᠷᠦᠬᠡ ᠠᠴᠠ ᠳᠡᠭᠡᠭᠰᠢ ᠠᠵᠤ ᠠᠬᠤᠶᠢᠯᠠᠯ  ᠪᠠ ᠪᠠᠶᠢᠭᠤᠯᠤᠮᠵᠢ ᠲᠠᠢ ᠵᠤᠯᠭᠠᠭᠤᠯᠵᠤ᠂  30   ᠠᠴᠠ ᠳᠡᠭᠡᠭᠰᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠭᠡᠷ᠎ᠡ ᠲᠤᠭᠳᠠᠵᠤ  ᠂ ᠲᠥᠷᠥᠯ ᠵᠦᠢᠯ  ᠲᠤᠭᠳᠠᠵᠤ ᠭᠠᠷᠳᠠᠮ ᠬᠦᠢᠴᠡᠳᠭᠡᠭᠰᠡᠨ ᠨᠣᠷᠮ᠎ᠠ ᠶᠢ 70% ᠠᠴᠠ ᠳᠡᠭᠡᠭᠰᠢ ᠪᠠᠶᠢᠯᠭᠠᠨ᠂  ᠲᠥᠷᠥᠯ ᠵᠦᠢᠯ ᠤᠨ ᠠᠵᠢᠯ ᠡᠬᠢᠯᠡᠭᠰᠡᠨ ᠨᠣᠷᠮ᠎ᠠ ᠶᠢ 70%   ᠠᠴᠠ ᠳᠡᠭᠡᠭᠰᠢ ᠪᠠᠶᠢᠯᠭᠠᠵᠤ᠂ ᠰᠢᠨ᠎ᠡ ᠪᠠᠷ ᠠᠵᠢᠯ ᠡᠬᠢᠯᠡᠭᠰᠡᠨ ᠲᠥᠷᠥᠯ ᠵᠦᠢᠯ ᠤᠨ ᠠᠵᠢᠯ   ᠲᠠᠭᠤᠰᠬᠠᠬᠤ ᠨᠣᠷᠮ᠎ᠠ ᠶᠢ 30%   ᠠᠴᠠ ᠳᠡᠭᠡᠭᠰᠢ ᠪᠠᠶᠢᠯᠭᠠᠵᠤ᠂ ᠤᠯᠤᠰ ᠤᠨ ᠳᠣᠲᠣᠭᠠᠳᠤ ᠶᠢᠨ ᠪᠡᠯᠡ ᠤᠷᠤᠭᠤᠯᠤᠯᠳᠠ ᠶᠢ 12 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠨ᠂ ᠠᠳᠠᠯᠢ ᠬᠤᠭᠤᠴᠠᠭᠠᠨ ᠤ ᠬᠢ ᠠᠴᠠ 16% ᠠᠴᠠ ᠳᠡᠭᠡᠭᠰᠢ ᠨᠡᠮᠡᠭᠳᠡᠬᠦᠯᠦᠨ᠎ᠡ᠃      ᠭᠤᠷᠪᠠ᠂ ᠭᠤᠣᠯᠳᠠᠯᠭ᠎ᠠ ᠲᠠᠢ ᠡᠭᠦᠷᠭᠡ᠄    ︵ᠨᠢᠭᠡ︶ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠲᠥᠷᠥᠯ ᠵᠦᠢᠯ ᠢ ᠨᠠᠷᠢᠯᠢᠭ ᠣᠨᠣᠴᠠᠲᠠᠢ ᠪᠠᠷ ᠣᠷᠣᠭᠤᠯᠤᠨ ᠠᠪᠴᠢᠷᠠᠨ᠎ᠠ  ᠃    1. ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠠᠷᠠᠯᠵᠢᠶᠠᠴᠢᠨ ᠤᠷᠢᠨ᠎ᠠ᠃ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠦᠮᠦᠰᠦᠨ ᠤ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ᠂ ᠴᠢᠨᠠᠷ ᠰᠠᠶᠢᠲᠠᠢ ᠦᠬᠡᠷ ᠬᠤᠨᠢ ᠭᠠᠭ᠋ᠠᠢ ᠲᠠᠬᠢᠶ᠎ᠠ ᠶᠢ ᠬᠡᠪᠴᠢᠶᠡᠵᠢᠭᠦᠯᠦᠨ ᠮᠠᠯᠵᠢᠬᠤ᠂ ᠨᠠᠷᠢᠯᠢᠭ ᠡᠳ᠋ᠰᠢᠭᠦᠯᠬᠦ ᠪᠠ ᠲᠥᠮᠥᠰᠥ᠂ ᠨᠣᠬᠠᠢ ᠶᠢᠨ ᠬᠤᠰᠢᠭᠤ ᠵᠡᠷᠭᠡ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠢ ᠪᠣᠶ ᠪᠣᠯᠭᠠᠨ᠎ᠠ᠃ ᠮᠠᠨ ᠤ ᠬᠤᠰᠢᠭᠤᠨ ᠤ ᠪᠠᠨ ᠪᠤᠬᠢᠷᠳᠤᠯ ᠦᠬᠡᠢ ᠴᠠᠬᠢᠯᠭᠠᠨ ᠡᠨᠧᠷᠬᠢ ᠶᠢᠨ ᠳᠠᠪᠠᠭᠤᠯᠢᠭ ᠲᠤ ᠲᠦᠰᠢᠭᠯᠡᠨ᠂ ᠲᠡᠷᠢᠭᠦᠨ ᠤ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠥᠨᠳᠥᠷ ᠴᠢᠳᠠᠪᠬᠢᠲᠤ ᠰᠢᠯ ᠰᠢᠷᠬᠡᠭ ᠵᠢᠴᠢ ᠴᠢᠳᠠᠮᠵᠢ ᠶᠡᠬᠡᠳᠡᠢ᠂  ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠪᠠᠭᠠᠳᠠᠢ ᠠᠵᠤ ᠦᠢᠯᠡᠰ ᠪᠠ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ ᠰᠢᠯᠢ ᠶᠢᠨ ᠭᠤᠣᠯ ᠤᠨ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠨᠡᠭᠡᠭᠡᠨ ᠬᠥᠭᠵᠢᠭᠦᠯᠬᠦ ᠣᠷᠣᠨ ᠤ ᠶᠡᠷᠦᠩᠬᠡᠢ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠮᠠᠲ᠋ᠧᠷᠢᠶᠠᠯ᠂ ᠬᠥᠩᠭᠡᠨ ᠠᠵᠤ ᠦᠢᠯᠡᠳᠪᠦᠷᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠳᠡᠭᠡᠳᠦ ᠰᠢᠨ᠎ᠡ ᠮᠡᠷᠭᠡᠵᠢᠯ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃    2. ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠷᠠᠯᠵᠢᠶᠠᠴᠢᠨ ᠤᠷᠢᠬᠤ ᠠᠵᠢᠯ ᠢ ᠴᠢᠩᠭᠠᠳᠬᠠᠨ᠎ᠠ᠃ ︽ᠠᠵᠢᠯ ᠲᠥᠷᠥᠯ ᠢ ᠬᠠᠮᠢᠶᠠᠷᠴᠤ᠂ ᠠᠷᠠᠯᠵᠢᠶᠠᠴᠢᠨ ᠤᠷᠢᠬᠤ ᠶᠢ ᠠᠳᠬᠤᠬᠤ︾ ︽ᠲᠤᠬᠠᠶᠢᠯᠠᠭᠰᠠᠨ ᠠᠵᠢᠯ ᠢ ᠬᠠᠮᠢᠶᠠᠷᠴᠤ᠂ ᠠᠷᠠᠯᠵᠢᠶᠠᠴᠢᠨ ᠤᠷᠢᠬᠤ ᠶᠢ ᠠᠬᠢᠭᠤᠯᠬᠤ︾ ᠠᠵᠢᠯ ᠤᠨ ᠣᠨᠣᠯᠵᠢᠬᠤᠨ ᠢ ᠪᠣᠶ ᠪᠣᠯᠭᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ᠂ ᠠᠷᠠᠯᠵᠢᠶᠠᠴᠢᠨ ᠤᠷᠢᠬᠤ ᠶᠢ ᠬᠠᠮᠳᠤᠪᠠᠷ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠣᠶ  ᠪᠤᠯᠭᠠᠨ᠎ᠠ᠃  ᠠᠵᠢᠯ ᠲᠥᠷᠥᠯ ᠤᠨ ᠬᠢᠨ ᠤ ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠶᠢ ᠰᠤᠳᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠡᠭᠦᠷᠭᠡ ᠴᠢᠳᠠᠮᠵᠢ ᠪᠠ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃    3. ᠬᠦᠴᠦᠷᠭᠡᠭ ᠲᠤᠮᠤ ᠠᠷᠠᠯᠵᠢᠶᠠᠴᠢᠨ ᠤᠷᠢᠬᠤ ᠶᠢ ᠴᠢᠬᠤᠯᠠᠴᠢᠯᠠᠨ᠎ᠠ᠃ ︽500 ᠬᠦᠴᠦᠷᠬᠡᠭ︾ ᠠᠵᠤ ᠠᠬᠤᠶᠢᠯᠠᠯ ᠤᠨ ᠳᠠᠭᠠᠭᠤᠯᠤᠭᠴᠢ ᠪᠠ ︽ᠲᠤᠰᠬᠠᠢ ᠨᠠᠷᠢᠯᠢᠭ ᠣᠨᠴᠠ ᠰᠢᠨ᠎ᠡ︾ ᠵᠡᠷᠭᠡ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ ᠲᠤᠮᠤ᠂  ᠰᠢᠨ᠎ᠡ᠂  ᠬᠡᠯᠬᠢᠶᠡᠵᠢᠭᠰᠡᠨ︾  ᠠᠵᠤ ᠠᠬᠤᠶᠢᠯᠠᠯ ᠢ ᠤᠷᠢᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠳᠤ ᠲᠤᠬᠢᠷᠠᠭᠰᠠᠨ ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠨᠠᠷᠢᠯᠢᠭ ᠣᠨᠣᠴᠠᠲᠠᠢ ᠪᠠᠷ ᠵᠣᠯᠭᠠᠭᠤᠯᠤᠨ᠂ ᠪᠦᠯᠦᠭᠯᠡᠨ ᠬᠥᠭᠵᠢᠬᠦ ᠳᠠᠪᠠᠭᠤᠯᠢᠭ ᠲᠠᠢ᠂ ᠠᠵᠤ ᠦᠢᠯᠡᠰ ᠤᠨ ᠬᠡᠯᠬᠢᠶ᠎ᠡ ᠣᠷᠳᠣ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠪᠥᠬᠦ ᠬᠦᠴᠦᠨ ᠢᠶᠠᠷ ᠤᠷᠢᠵᠤ ᠤᠷᠤᠭᠤᠯᠤᠨ᠎ᠠ᠃   4.  ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ︾ ᠶᠢ ᠳᠡᠮᠵᠢᠨ ᠵᠣᠷᠢᠭᠵᠢᠭᠤᠯᠤᠨ᠎ᠠ᠃ ᠤᠳᠤ ᠪᠠᠶᠢᠭ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠᠨ ᠶᠡᠬᠡᠰᠬᠡᠵᠦ ᠦᠢᠯᠡᠳᠪᠦᠷᠢᠯᠡᠯ ᠢᠶᠠᠨ ᠦᠷᠭᠡᠳᠭᠡᠬᠦ ᠶᠢ ᠵᠣᠷᠢᠭᠵᠢᠭᠤᠯᠤᠨ ᠲᠡᠳᠬᠦᠵᠦ᠂ ᠳᠤᠮᠳᠠ ᠵᠢᠵᠢᠭ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠬᠦᠭᠵᠢᠭᠡᠨ᠂ ᠳᠤᠮᠳᠠ ᠵᠢᠵᠢᠭ ᠠᠵᠤ ᠠᠬᠤᠶᠢᠯᠠᠯ   ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ  ᠠᠬᠢᠭᠤᠯᠤᠨ᠎ᠠ᠃    ︵ᠬᠤᠶᠠᠷ︶ ᠠᠷᠠᠯᠵᠢᠶᠠᠴᠢᠨ ᠤᠷᠢᠬᠤ ᠠᠷᠭ᠎ᠠ ᠮᠠᠶ᠋ᠢᠭ  ᠤᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    1. ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠭᠦᠨᠵᠡᠭᠡᠶᠢᠷᠡᠭᠦᠯᠦᠨ᠎ᠡ᠃ ᠠᠵᠢᠯ ᠲᠥᠷᠥᠯ ᠢ ᠬᠠᠮᠢᠶᠠᠷᠬᠤ ᠳᠤ ᠠᠷᠠᠯᠵᠢᠶᠠᠴᠢᠨ ᠤᠷᠢᠬᠤ ᠶᠢ ᠬᠠᠮᠢᠶᠠᠷᠬᠤ ᠶᠢ ᠪᠠᠷᠢᠮᠲᠠᠯᠠᠵᠤ᠂ ︽ᠬᠡᠯᠬᠢᠶᠡᠨ ᠤ ᠳᠠᠷᠤᠭ᠎ᠠ︾ ᠶᠢᠨ ᠳᠦᠷᠢᠮ ᠢ ᠪᠥᠬᠦ ᠲᠠᠯ᠎ᠠ ᠪᠠᠷ ᠭᠡᠷᠡᠭᠵᠢᠬᠦᠯᠦᠨ᠂ ᠮᠠᠨ ᠤ ᠬᠤᠰᠢᠭᠤᠨ ᠤ ᠬᠡᠲᠦ ᠬᠠᠲᠠᠭᠤ ᠮᠠᠲ᠋ᠧᠷᠢᠶᠠᠯ᠂ ᠰᠢᠨ᠎ᠡ ᠬᠡᠯᠪᠡᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠠᠰᠢᠭᠳᠠᠢ ᠪᠠᠷᠢᠯᠭ᠎ᠠ ᠶᠢᠨ ᠮᠠᠲ᠋ᠧᠷᠢᠶᠠᠯ ᠵᠡᠷᠭᠡ 8 ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ  ᠠᠷᠠᠯᠵᠢᠶᠠᠴᠢᠨ ᠤᠷᠢᠵᠤ᠂ ᠪᠥᠬᠦ ᠬᠤᠰᠢᠭᠤᠨ ᠤ ᠠᠷᠠᠯᠵᠢᠶᠠᠴᠢᠨ ᠤᠷᠢᠬᠤ ᠡᠬᠢ ᠪᠠᠶᠠᠯᠢᠭ ᠲᠠᠢ ᠰᠠᠯᠠᠭ᠎ᠠ ᠮᠥᠴᠢᠷ ᠢ ᠳᠠᠶᠢᠴᠢᠯᠠᠨ᠂ ᠠᠵᠤ ᠦᠢᠯᠡᠰ ᠤᠨ ᠬᠡᠯᠬᠢᠶ᠎ᠡ ᠪᠠ ᠬᠠᠷᠠᠯᠲᠠᠲᠤ ᠠᠵᠤ ᠠᠬᠤᠶᠢᠯᠠᠯ ᠢ ᠡᠮᠬᠢᠯᠡᠨ ᠬᠤᠪᠢᠶᠠᠵᠤ᠂  ᠨᠠᠷᠢᠯᠢᠭ ᠤᠨᠤᠴᠠᠳᠠᠢ ᠪᠠᠷ ᠠᠷᠠᠯᠵᠢᠶᠠᠴᠢᠨ ᠤᠷᠢᠬᠤ ᠲᠥᠷᠥᠯ ᠵᠦᠢᠯ ᠤᠨ ᠬᠥᠮᠥᠷᠭᠡ ᠪᠠ ᠬᠠᠨᠳᠤᠯᠭᠠᠲᠤ  ᠴᠢᠨᠠᠷᠳᠠᠢ ᠠᠵᠤ ᠠᠬᠤᠶᠢᠯᠠᠯ ᠤᠨ ᠬᠥᠮᠥᠷᠭᠡ ᠶᠢ ᠪᠠᠶᠢᠭᠤᠯᠤᠨ᠂ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠵᠤ᠂    ᠦᠷᠬᠦᠯᠵᠢᠯᠡᠨ ᠬᠡᠯᠬᠢᠶ᠎ᠡ ᠪᠠᠨ ᠤᠷᠳᠤᠳᠬᠠᠬᠤ ᠭᠡᠯᠬᠢᠶ᠎ᠡ ᠪᠠᠨ ᠨᠦᠬᠦᠪᠦᠷᠢᠯᠡᠵᠦ ᠬᠡᠯᠬᠢᠶ᠎ᠡ ᠪᠠᠨ ᠴᠢᠩᠭᠠᠳᠬᠠᠨ᠎ᠡ᠃    2.  ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠢ ᠴᠢᠨᠠᠷ ᠰᠠᠶᠢᠲᠠᠢ ᠲᠦᠰᠦᠪᠯᠡᠨ ᠡᠷᠭᠢᠯᠡᠨ᠎ᠡ᠃ ᠣᠷᠣᠨ᠂ ᠠᠶᠢᠮᠠᠭ ᠤᠨ ᠱᠠᠲᠤᠨ ᠤ ᠡᠷᠬᠢᠯᠡᠭᠰᠡᠨ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠳᠤ ᠢᠳᠡᠪᠬᠢᠲᠡᠢ  ᠤᠷᠤᠯᠴᠠᠵᠤ᠂ ᠪᠡᠭᠡᠵᠢᠩ ᠲᠢᠶᠠᠨᠵᠢᠨ ᠾᠧᠪᠧᠢ ᠱᠠᠨᠳᠦ᠋ᠩ ᠵᠡᠷᠭᠡ ᠭᠠᠵᠠᠷ ᠣᠷᠣᠨ ᠳᠠᠬᠢ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠢ 3 ᠠᠴᠠ ᠳᠡᠭᠡᠭᠰᠢ ᠤᠳᠠᠭ᠎ᠠ  ᠡᠷᠬᠢᠯᠡᠨ᠂ ᠭᠠᠳᠠᠭᠰᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠰᠢ ᠭᠠᠷᠴᠤ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠥᠨᠳᠥᠷ ᠬᠢᠷᠢ ᠲᠦᠪᠰᠢᠨ ᠪᠦᠬᠦᠢ ᠪᠡᠯᠡ ᠣᠷᠣᠭᠤᠯᠤᠯᠲᠠ ᠪᠠ ᠠᠷᠠᠯᠵᠢᠶᠠᠨ ᠤ ᠬᠠᠮᠲᠤᠷᠠᠯᠴᠠᠭ᠎ᠠ ᠶᠢ ᠥᠷᠨᠢᠭᠦᠯᠦᠨ᠎ᠡ᠃    3.  ᠪᠠᠶᠢᠩᠭᠤ ᠶᠢᠨ ᠴᠢᠨᠠᠷᠳᠠᠢ ᠭᠠᠳᠠᠭᠰᠢ ᠭᠠᠷᠴᠤ ᠠᠷᠠᠯᠵᠢᠶᠠᠴᠢᠨ ᠤᠷᠢᠨ᠎ᠠ᠃ ᠡᠯ᠎ᠡ ᠲᠥᠷᠥᠯ ᠤᠨ ᠠᠷᠠᠯᠵᠢᠶᠠᠴᠢᠨ ᠤᠷᠢᠬᠤ ᠡᠬᠢ ᠪᠠᠶᠠᠯᠢᠭ ᠪᠠ ᠲᠥᠷᠥᠯ ᠵᠦᠢᠯ ᠤᠨ ᠰᠦᠪᠡᠭᠴᠢ ᠶᠢ ᠢᠯᠡᠷᠡᠬᠦᠯᠵᠦ᠂ ᠳᠠᠭᠠᠭᠤᠯᠤᠭᠴᠢ ᠠᠵᠤ ᠠᠬᠤᠶᠢᠯᠠᠯ᠂  ᠠᠷᠠᠯᠵᠢᠶᠠᠴᠢᠳ ᠤᠨ ᠨᠡᠶᠢᠭᠡᠮᠯᠢᠭ᠂ ᠨᠡᠶᠢᠭᠡᠮ ᠤᠨ ᠪᠠᠶᠢᠭᠤᠯᠤᠮᠵᠢ ᠵᠡᠷᠭᠡ ᠲᠠᠢ ᠵᠣᠯᠭᠠᠭᠤᠯᠤᠨ  ᠂  ᠪᠠᠶᠢᠩᠭᠤ ᠶᠢᠨ ᠴᠢᠨᠠᠷᠳᠠᠢ ᠬᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂  ᠠᠷᠠᠯᠵᠢᠶᠠᠴᠢᠨ ᠤᠷᠢᠬᠤ ᠰᠦᠪᠡᠭᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠭᠡᠨ᠂   ᠪᠡᠯᠡ  ᠤᠷᠤᠭᠤᠯᠬᠤ ᠰᠠᠨᠠᠭ᠎ᠠ ᠲᠠᠢ ᠠᠵᠤ ᠠᠬᠤᠶᠢᠯᠠᠯ ᠯᠤᠭ᠎ᠠ ᠢᠳᠡᠪᠬᠢᠳᠡᠢ ᠬᠠᠷᠢᠴᠠᠵᠤ ᠵᠤᠯᠭᠠᠭᠤᠯᠤᠨ᠎ᠠ᠃    4. ︽ᠰᠠᠯᠪᠤᠷᠢ ᠠᠩᠭᠢ︾ ᠶᠢᠨ ᠭᠠᠳᠠᠭᠰᠢ ᠭᠠᠷᠴᠤ ᠠᠷᠠᠯᠵᠢᠶᠠᠴᠢᠨ ᠤᠷᠢᠬᠤ ᠶᠢ ᠠᠬᠢᠭᠤᠯᠤᠨ᠎ᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠴᠠᠩᠫᠢᠩ ᠲᠣᠭᠤᠷᠢᠭ ᠤᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠠᠵᠢᠯ ᠵᠢᠴᠢ ᠬᠤᠰᠢᠭᠤᠨ ᠤ ᠬᠠᠷᠢᠶᠠᠨ ᠳᠠᠬᠢ ᠠᠷᠠᠯᠵᠢᠶᠠᠴᠢᠳ ᠤᠨ ᠡᠪᠯᠡᠯ ᠤᠨ ᠡᠬᠢ ᠪᠠᠶᠠᠯᠢᠭ ᠲᠤ ᠲᠦᠰᠢᠭᠯᠡᠨ᠂ ᠭᠠᠳᠠᠭᠰᠢ ᠭᠠᠷᠴᠤ ᠠᠷᠠᠯᠵᠢᠶᠠᠴᠢᠨ ᠤᠷᠢᠬᠤ ︽ᠰᠠᠯᠪᠤᠷᠢ ᠪᠠᠭ᠎ᠠ ᠠᠩᠭᠢ︾ ᠶᠢ ᠵᠣᠬᠢᠶᠠᠨ ᠪᠠᠶᠢᠭᠤᠯᠵᠤ᠂ ︽ᠡᠭᠦᠳᠡ ᠲᠣᠭᠰᠢᠵᠤ︾ ᠬᠡᠯᠪᠡᠷᠢ ᠪᠠᠷ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃     ︵ᠭᠤᠷᠪᠠ︶ ᠠᠷᠠᠯᠵᠢᠶᠠᠴᠢᠨ ᠤᠷᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠢᠯᠢᠳᠡᠭ ᠰᠠᠶᠢᠨ ᠣᠷᠴᠢᠨ ᠨᠦᠬᠦᠴᠡᠯ ᠢ ᠪᠣᠶ ᠪᠣᠯᠭᠠᠨ᠎ᠠ᠃    1. ᠤᠳᠤᠷᠢᠳᠬᠤ ᠺᠠᠳ᠋ᠷ ᠲᠦᠷᠦᠭᠦᠯᠡᠨ ᠠᠷᠠᠯᠵᠢᠶᠠᠴᠢᠨ ᠤᠷᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠵᠤ᠂ ︽ᠳᠥᠷᠪᠡᠨ ᠶᠡᠭᠡ ᠤᠳᠤᠷᠢᠳᠬᠤ ᠪᠠᠭ︾ ᠤᠨ ᠭᠤᠣᠯ ᠤᠳᠤᠷᠢᠳᠤᠯᠭ᠎ᠠ ᠠᠩᠭᠢ ᠳᠠᠭᠠᠭᠤᠯᠤᠨ ᠭᠠᠳᠠᠭᠰᠢ ᠭᠠᠷᠴᠤ ᠠᠷᠠᠯᠵᠢᠶᠠᠴᠢᠨ ᠤᠷᠢᠬᠤ ᠠᠵᠢᠯᠯᠠᠭ᠎ᠠ ᠶᠢ ᠤᠯᠠᠷᠢᠯ ᠳᠤ ᠠᠳᠠᠭ ᠲᠠᠭᠠᠨ ᠨᠢᠭᠡ ᠤᠳᠠᠭ᠎ᠠ  ᠦᠷᠨᠢᠬᠦᠯᠵᠦ᠂  ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠠᠷ ᠠᠩᠭᠢ ᠳᠠᠭᠠᠭᠤᠯᠬᠤ ᠪᠤᠶᠤ ᠠᠷᠠᠯᠵᠢᠶᠠᠴᠢᠨ ᠤᠷᠢᠬᠤ ᠠᠵᠢᠯᠯᠠᠭ᠎ᠠ ᠳᠤ ᠣᠷᠣᠯᠴᠠᠬᠤ  ᠠᠵᠢᠯᠯᠠᠭ᠎ᠠ ᠶᠢ ᠤᠯᠠᠷᠢᠯ  ᠳᠤ ᠠᠳᠠᠭ ᠲᠠᠭᠠᠨ ᠨᠢᠭᠡ ᠤᠳᠠᠭ᠎ᠠ ᠦᠷᠨᠢᠬᠦᠯᠦᠨ᠎ᠡ᠃    2. ᠠᠷᠠᠯᠵᠢᠶᠠᠴᠢᠨ ᠤᠷᠢᠬᠤ ᠡᠩᠨᠡᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠠᠷᠠᠯᠵᠢᠶᠠᠴᠢᠨ ᠤᠷᠢᠬᠤ ᠰᠠᠯᠠᠭ᠎ᠠ ᠮᠥᠴᠢᠷ ᠤᠨ ᠡᠭᠦᠷᠭᠡ ᠴᠢᠳᠠᠮᠵᠢ ᠶᠢ ᠲᠣᠬᠢᠷᠠᠭᠤᠯᠤᠨ ᠰᠢᠯᠢᠳᠡᠭᠵᠢᠭᠦᠯᠵᠦ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠶᠡᠷᠦᠩᠬᠡᠶᠢᠯᠡᠨ ᠵᠣᠬᠢᠴᠠᠭᠤᠯᠬᠤ᠂ ᠲᠥᠷᠥᠯ ᠵᠦᠢᠯ ᠢ ᠠᠬᠢᠭᠤᠯᠬᠤ᠂ ᠮᠡᠳᠡᠭᠡ ᠵᠠᠩᠭᠢ ᠨᠡᠪᠲᠡᠷᠡᠯᠴᠡᠬᠦ ᠵᠡᠷᠭᠡ ᠠᠵᠢᠯ ᠢ ᠪᠠᠶᠢᠩᠭᠤ ᠶᠢᠨ ᠴᠢᠨᠠᠷᠳᠠᠢ ᠥᠷᠨᠢᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠨᠢᠭᠡᠴᠡ ᠶᠢᠨ ᠭᠤᠣᠯ ᠤᠳᠤᠷᠢᠳᠤᠯᠭ᠎ᠠ ᠨᠢ ᠠᠷᠠᠯᠵᠢᠶᠠᠴᠢᠨ ᠤᠷᠢᠬᠤ ᠠᠵᠢᠯ ᠢ ᠠᠳᠬᠤᠵᠤ᠂ ᠲᠣᠰ ᠠᠵᠤ ᠦᠢᠯᠡᠰ ᠤᠨ ᠬᠡᠯᠬᠢᠶ᠎ᠡ᠂ ᠲᠣᠰ ᠴᠠᠷᠠᠭ᠎ᠠ ᠬᠦᠷᠢᠶᠡᠨ ᠳᠠᠬᠢ ᠠᠷᠠᠯᠵᠢᠶᠠᠴᠢᠨ ᠤᠷᠢᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠨ᠎ᠡ᠃    3.  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠠᠭᠤᠷᠢ ᠶᠢ ᠪᠠᠬᠢᠵᠢᠭᠦᠯᠦᠨ᠎ᠡ᠃ ᠤᠯᠤᠰ᠂ ᠣᠷᠣᠨ᠂ ᠠᠶᠢᠮᠠᠭ ᠤᠨ ᠱᠠᠲᠤᠨ ᠤ ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠶᠣᠰᠣᠭᠠᠷ᠂  ᠬᠤᠰᠢᠭᠤ ᠱᠠᠲᠤᠨ ᠤ ᠲᠡᠳᠬᠦᠨ ᠳᠡᠮᠵᠢᠬᠦ ᠠᠷᠭ᠎ᠠ ᠬᠡᠮᠵᠢᠶ᠎ᠡ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠰᠢᠨᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠦᠷᠢᠨ ᠲᠡᠭᠦᠯᠳᠡᠷ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠥᠬᠦ ᠬᠤᠰᠢᠭᠤᠨ ᠤ ᠬᠥᠭᠵᠢᠯᠲᠡ ᠶᠢᠨ ᠲᠥᠯᠦᠪᠵᠢᠭᠦᠯᠭᠡ ᠶᠣᠰᠣᠭᠠᠷ᠂ ᠠᠷᠠᠯᠵᠢᠶᠠᠴᠢᠨ ᠤᠷᠢᠬᠤ ᠲᠥᠷᠥᠯ ᠵᠦᠢᠯ ᠤᠨ ᠨᠥᠭᠡᠴᠡ ᠶᠢ ᠲᠠᠰᠤᠷᠠᠯᠲᠠ ᠦᠭᠡᠢ ᠰᠢᠨᠡᠳᠬᠡᠵᠦ᠂  ᠲᠠᠶᠢᠹᠤᠰᠧ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠨᠠᠷ ᠰᠠᠶᠢᠲᠠᠢ ᠲᠥᠷᠥᠯ ᠵᠦᠢᠯ 20 ᠠᠴᠠ ᠳᠡᠭᠡᠭᠰᠢ  ᠪᠠᠶᠢᠬᠤ ᠶᠢ ᠪᠠᠳᠤᠯᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠹᠢᠯᠢᠮ ᠢ ᠦᠢᠯᠡᠳᠴᠦ᠂  ᠲᠠᠶᠢᠹᠤᠰᠧ ᠬᠤᠰᠢᠭᠤᠨ ᠤ ᠪᠡᠯᠡ ᠣᠷᠣᠭᠤᠯᠤᠯᠲᠠ ᠶᠢᠨ ᠵᠢᠯᠤᠭᠤᠳᠤᠮᠵᠢ ᠶᠢ ᠨᠠᠷᠢᠨ ᠨᠢᠮᠪᠠᠢ ᠨᠠᠶᠢᠷᠠᠭᠤᠯᠤᠨ᠂ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠬᠤ ᠳᠤ ᠰᠠᠶᠢᠨ ᠰᠠᠭᠤᠷᠢ ᠶᠢ ᠲᠠᠯᠪᠢᠨ᠎ᠠ᠃   4. ᠠᠷᠠᠯᠵᠢᠶᠠᠴᠢᠨ ᠤᠷᠢᠬᠤ ᠦᠢᠯᠡᠴᠢᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠨᠠᠷ ᠰᠠᠶᠢᠲᠠᠢ ᠠᠬᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ  ᠨᠦᠬᠦᠴᠡᠯ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠦᠬᠦᠴᠡᠯ᠂ ︽ᠵᠠᠰᠠᠭ ᠤᠨ ᠤᠷᠳᠤᠨ ᠠᠵᠤ ᠠᠬᠤᠶᠢᠯᠠᠯ ᠨᠢᠬᠳᠠ ᠬᠠᠮᠵᠢᠯᠴᠠᠬᠤ︾ ᠣᠷᠴᠢᠨ ᠨᠦᠬᠦᠴᠡᠯ ᠢ ᠪᠣᠶ ᠪᠣᠯᠭᠠᠨ᠎ᠠ᠃   5. ᠤᠷᠤᠨ ᠲᠣᠭᠤᠷᠢᠭ ᠤᠨ ᠲᠠᠭᠠᠭᠠᠴᠠ ᠶᠢ ᠨᠡᠮᠡᠭᠳᠡᠬᠦᠯᠦᠨ᠎ᠡ᠃ ᠤᠷᠤᠨ ᠲᠣᠭᠤᠷᠢᠭ ᠤᠨ ︽ᠳᠣᠯᠤᠭ᠎ᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠭᠤᠷᠢ ᠲᠦᠬᠦᠭᠡᠷᠦᠮᠵᠢ  ᠶᠢᠨ ᠪᠠᠶᠢᠭᠤᠯᠤᠯᠲᠠ ᠶᠢ ᠬᠦᠴᠦᠯᠡᠨ ᠲᠡᠳᠬᠦᠵᠦ᠂ ᠭᠠᠵᠠᠷ ᠰᠢᠷᠣᠢ ᠨᠥᠭᠡᠴᠡᠯᠡᠬᠦ ᠡᠷᠴᠢᠮ ᠢ ᠴᠢᠩᠭᠠᠷᠠᠭᠤᠯᠤᠨ᠂ ᠠᠵᠤ ᠦᠢᠯᠡᠰ ᠤᠨ ᠳᠠᠭᠠᠭᠠᠬᠤ ᠴᠢᠳᠠᠪᠤᠷᠢ ᠶᠢ ᠪᠥᠬᠦ ᠲᠠᠯ᠎ᠠ ᠪᠠᠷ ᠲᠡᠭᠡᠭᠰᠢᠯᠡᠬᠦᠯᠦᠨ᠎ᠡ᠃ ︽ᠪᠠᠷᠢᠮᠵᠢᠶᠠᠲᠤ ᠭᠠᠵᠠᠷ︾ ᠪᠠ ︽ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠵᠦ ᠪᠦᠲᠦᠭᠡᠨ ᠪᠠᠶᠢᠭᠤᠯᠤᠯᠳᠠ ᠶᠠᠪᠤᠭᠳᠠᠬᠤ ᠳᠤ ᠰᠠᠭᠤᠷᠢ ᠶᠢ ᠰᠠᠶᠢᠲᠤᠷ ᠲᠠᠯᠪᠢᠨ᠎ᠠ᠃         ᠳᠥᠷᠪᠡ᠂ ᠪᠠᠳᠤᠯᠠᠭᠠᠨ ᠤ ᠠᠷᠭ᠎ᠠ ᠬᠡᠮᠵᠢᠶ᠎ᠡ    1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠬᠠᠷᠠᠯᠲᠠ ᠡᠭᠦᠷᠭᠡ ᠶᠢ ᠰᠤᠳᠤᠯᠤᠨ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠳᠤᠮᠳᠠᠬᠢ ᠲᠣᠪᠣᠶᠢᠮ᠎ᠠ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠭᠡᠷᠡᠭᠳᠡᠢ᠃    2. ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠲᠣᠪᠴᠢᠶ᠎ᠠ ᠨᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ ᠵᠣᠬᠢᠴᠠᠭᠤᠯᠤᠨ ᠠᠬᠢᠭᠤᠯᠬᠤ᠂ ᠴᠢᠬᠤᠯᠠ ᠶᠡᠭᠡ ᠠᠷᠠᠯᠵᠢᠶᠠᠴᠢᠨ ᠤᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠢ ᠲᠠᠨᠢᠯᠴᠠᠭᠤᠯᠬᠤ  ᠪᠠ ᠰᠢᠨᠵᠢᠯᠡᠨ ᠪᠠᠶᠢᠴᠠᠭᠠᠵᠤ  ᠵᠦᠪᠳᠡᠯᠴᠡᠭᠡᠷ ᠬᠢᠬᠦ  ᠵᠡᠷᠭᠡ ᠠᠵᠢᠯ ᠤᠨ ᠵᠠᠷᠤᠳᠠᠯ ᠢ  ᠬᠦᠢᠴᠡᠳ ᠪᠠᠳᠤᠯᠠᠬᠤ ᠭᠡᠷᠡᠭᠳᠡᠢ᠃     3. ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠲᠥᠷᠥ ᠶᠢᠨ ᠪᠣᠳᠣᠯᠭ᠎ᠠ ᠶᠢᠨ ᠵᠢᠯᠣᠭᠤᠳᠤᠮᠵᠢ᠂  ᠰᠤᠳᠤᠯᠭ᠎ᠠ ᠪᠠ ᠡᠭᠦᠳᠦᠯᠲᠡ ᠶᠢ ᠴᠢᠩᠭᠠᠳᠬᠠᠵᠤ᠂ ᠤᠯᠤᠰ᠂  ᠣᠷᠣᠨ᠂ ᠠᠶᠢᠮᠠᠭ᠂ ᠬᠤᠰᠢᠭᠤᠨ ᠤ ᠬᠡᠷᠡᠭᠵᠢᠭᠦᠯᠵᠦ ᠪᠠᠶᠢᠭ᠎ᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ  ᠶᠢᠨ ᠪᠤᠳᠤᠯᠭ᠎ᠠ ᠪᠠ ᠠᠵᠤ ᠦᠢᠯᠡᠰ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠪᠠ ᠠᠮᠠᠯᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠡᠯᠡᠭᠰᠡᠨ ᠢᠶᠠᠨ ᠵᠠᠪᠠᠯ ᠪᠡᠶᠡᠯᠡᠭᠦᠯᠵᠦ᠂ ᠲᠣᠭᠲᠠᠭᠰᠠᠨ ᠢᠶᠠᠨ ᠵᠠᠪᠠᠯ  ᠬᠦᠢᠴᠡᠳᠭᠡᠬᠦ ᠬᠡᠷᠡᠭᠲᠡᠢ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号