ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ | ᠶᠢ ᠪᠠᠳᠤᠯᠠᠨ᠂ ᠪᠦᠬᠦ ᠪᠠᠯᠭᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠦᠯᠦᠭᠡ᠂ ᠬᠤᠩ ᠴᠢ ᠪᠠᠯᠭᠠᠰᠤ ᠨᠢ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠤᠯᠭᠠᠵᠤ᠂ | ᠪᠠᠯᠭᠠᠰᠤᠨ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠤᠯᠭᠠᠨ᠂ ᠤᠳᠤᠷᠢᠳᠬᠤ ᠪᠠᠭ ᠤᠨ ᠭᠡᠰᠢᠬᠦᠳ | ᠢᠶᠠᠷ ᠪᠦᠷᠢᠯᠳᠦᠭᠦᠨ ᠪᠣᠯᠭᠠᠭᠰᠠᠨ ᠲᠤᠰᠬᠠᠢ ᠲᠦᠷᠦᠯ ᠤᠨ ᠬᠢᠨᠠᠨ ᠵᠢᠯᠤᠭᠤᠳᠬᠤ ᠳᠤᠭᠤᠶᠢᠯᠠᠩ ᠢ ᠪᠠᠶᠢᠭᠤᠯᠵᠤ᠂ ᠡᠯ᠎ᠡ | ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠪᠠᠶᠢᠴᠠᠭᠠᠨ ᠵᠢᠯᠤᠭᠤᠳᠴᠤ ᠪᠠᠶᠢᠨ᠎ᠠ᠃ ᠬᠢᠨᠠᠨ ᠵᠢᠯᠤᠭᠤᠳᠬᠤ ᠲᠤᠭᠤᠶᠢᠯᠠᠩ ᠨᠢ ᠭᠤᠣᠯᠳᠠᠭᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠬᠢᠨ | ᠬᠠᠷᠠᠬᠤ ︾ ᠠᠵᠢᠯ ᠤᠨ ᠲᠤᠭᠤᠷᠢᠨ ᠳᠤ᠂ ᠡᠷᠦᠬᠡ ᠲᠤᠭᠤᠷᠢᠵᠤ ᠰᠤᠷᠪᠤᠯᠵᠢᠯᠠᠨ ᠶᠠᠷᠢᠯᠴᠠᠬᠤ ᠬᠡᠯᠪᠡᠷᠢ ᠪᠠᠷ 40 | ᠲᠣᠰᠬᠤᠨ ᠤ 105 ᠠᠶᠢᠯ ᠲᠣᠰᠬᠤᠨ ᠳᠤ ᠬᠦᠨᠵᠡᠬᠡᠶᠢᠷᠡᠵᠦ ᠬᠢᠨᠠᠨ ᠵᠢᠯᠤᠭᠤᠳᠬᠤ ᠠᠵᠢᠯ ᠢᠶᠠᠨ ᠦᠷᠨᠢᠬᠦᠯᠵᠦ᠂ | ᠡᠯ᠎ᠡ ᠲᠣᠰᠬᠤᠨ ᠤ ᠠᠵᠢᠯ ᠤᠨ ᠪᠠᠶᠢᠳᠠᠯ ᠢ ᠤᠶᠢᠯᠠᠭᠠᠨ ᠪᠠᠶᠢᠴᠠᠭᠠᠵᠠᠢ᠃ ᠬᠢᠨᠠᠨ ᠵᠢᠯᠤᠭᠤᠳᠬᠤ ᠶᠠᠪᠤᠴᠠ ᠳᠤ᠂ ᠡᠯ᠎ᠡ | ᠲᠣᠰᠬᠤᠨ ᠤ ᠬᠢᠨ ᠪᠠᠯᠭᠠᠰᠤᠨ ᠤ ᠨᠠᠮ ᠵᠠᠰᠠᠭ ᠤᠨ ᠪᠠᠶᠢᠷᠢᠯᠠᠭᠤᠯᠤᠯᠲᠠ ᠶᠣᠰᠣᠭᠠᠷ ᠠᠵᠢᠯ ᠢᠶᠠᠨ ᠡᠮᠬᠢ ᠳᠢᠭᠯᠢᠮ ᠲᠠᠢ | ᠠᠬᠢᠭᠤᠯᠵᠤ ᠪᠠᠶᠢᠭ᠎ᠠ ᠪᠤᠯᠪᠠᠴᠤ᠂ ᠪᠠᠰᠠ ᠡᠳᠦᠢ ᠲᠡᠳᠦᠢ ᠵᠦᠷᠢᠶ᠎ᠡ ᠲᠤᠳᠠᠭᠯᠠ ᠣᠷᠣᠰᠢᠵᠤ ᠪᠠᠶᠢᠭ᠎ᠠ ᠶᠢ | ᠢᠯᠡᠷᠡᠬᠦᠯᠦᠭᠡᠳ᠂ ᠡᠯ᠎ᠡ ᠲᠦᠷᠦᠯ ᠤᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠵᠢᠭᠠᠨ ᠵᠢᠯᠤᠭᠤᠳᠬᠤ ᠶᠢᠨ ᠬᠠᠮᠲᠤ | ᠂ ᠠᠵᠢᠯ ᠤᠨ ᠠᠷᠭ᠎ᠠ ᠪᠠᠷᠢᠯ ᠢᠶᠠᠨ ᠡᠷᠭᠡᠪᠰᠢ ᠲᠡᠬᠦᠯᠳᠡᠷᠵᠢᠬᠦᠯᠦᠨ᠂ ᠠᠰᠠᠭᠤᠳᠠᠯ ᠢ ᠲᠣᠭᠲᠠᠭᠰᠠᠨ | ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ | ᠲᠦᠷᠦᠯ ᠤᠨ ᠠᠵᠢᠯ ᠢ ᠦᠷᠭᠦᠯᠵᠢᠯᠡᠨ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ |