ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/6/12
  ᠠᠶᠤᠯᠬᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂  ᠠᠮᠤᠷ ᠲᠦᠪᠰᠢᠨ ᠤ ᠤᠬᠠᠮᠰᠠᠷ ᠢ  ᠨᠡᠮᠡᠭᠳᠡᠬᠦᠯᠵᠦ᠂  ᠠᠮᠤᠷ ᠲᠦᠪᠰᠢᠨ ᠤ ᠰᠣᠶᠣᠯ   ᠢ  ᠲᠡᠯᠬᠡᠷᠡᠬᠦᠯᠦᠨ᠂  ᠠᠮᠤᠷ ᠲᠦᠪᠰᠢᠨ ᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠦᠯᠦᠭᠡ᠂ 6 ᠰᠠᠷ᠎ᠠ ᠶᠢᠨ 9 ᠤ ᠡᠳᠦᠷ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠤᠤᠴᠠᠩ ᠪᠠᠯᠭᠠᠰᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ ᠰᠢᠨ ᠬᠤᠸᠠ ᠨᠡᠶᠢᠬᠡᠮ ᠲᠣᠭᠤᠷᠢᠭ ᠲᠤ ᠬᠦᠨᠵᠡᠬᠡᠶᠢᠷᠡᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠦᠷᠨᠢᠬᠦᠯᠪᠡ᠃ ᠠᠵᠢᠯᠳᠠᠳ ᠠᠴᠠ ᠢᠷᠡᠵᠦ ᠶᠠᠪᠤᠭ᠎ᠠ ᠰᠠᠭᠤᠭᠠᠯᠢ ᠠᠷᠠᠳ ᠲᠤ ︽ᠠᠶᠤᠯᠬᠦᠢ  ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠠᠶᠤᠯᠬᠦᠢ ᠦᠢᠯᠡᠳᠪᠦᠷᠢᠯᠡᠯ ᠤᠨ ᠳᠦᠷᠢᠮ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠢ ᠤᠬᠠᠭᠤᠯᠤᠭᠰᠠᠨ ᠪᠦᠭᠡᠳ ᠨᠡᠶᠢᠬᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠪᠡᠶ᠎ᠡ ᠶᠢᠨ ᠪᠠᠶᠢᠴᠠᠭᠠᠯᠲᠠ ᠬᠢᠯᠬᠡᠵᠦ ᠪᠠᠶᠢᠭ᠎ᠠ ᠨᠠᠰᠤᠲᠠᠶᠢᠴᠤᠳ ᠲᠤ ᠪᠠᠴᠢᠮ ᠪᠠᠶᠢᠳᠠᠯ ᠢ ᠠᠷᠭᠠᠴᠠᠬᠤ ᠤᠬᠠᠭᠤᠯᠭ᠎ᠠ ᠶᠢᠨ ᠭᠠᠷ  ᠠᠪᠤᠯᠭ᠎ᠠ ᠪᠠ ᠡᠯ᠎ᠡ ᠵᠦᠢᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠰᠠᠭᠤᠭᠠᠯᠢ ᠠᠷᠠᠳ ᠲᠤ ᠭᠠᠮᠰᠢᠭ ᠢ  ᠰᠡᠷᠭᠡᠶᠢᠯᠡᠵᠦ ᠭᠠᠮᠰᠢᠭ ᠢ  ᠪᠠᠭᠠᠰᠬᠠᠵᠤ ᠭᠠᠮᠰᠢᠭ ᠠᠴᠠ ᠠᠪᠤᠷᠠᠬᠤ ᠮᠡᠳᠡᠯᠭᠡ ᠶᠢ ᠨᠢᠭᠤᠷᠳᠠᠨ ᠤᠬᠠᠭᠤᠯᠵᠤ᠂  ᠡᠩ ᠤᠨ ᠴᠠᠭ ᠤᠨ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠶᠡᠷᠦ ᠶᠢᠨ ᠮᠡᠳᠡᠯᠭᠡ ᠶᠢ ᠲᠦᠬᠡᠮᠡᠯᠵᠢᠬᠦᠯᠦᠭᠰᠡᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠨᠢ ᠬᠥᠮᠥᠨ ᠪᠦᠬᠦᠨ ᠠᠮᠤᠷ ᠲᠦᠪᠰᠢᠨ ᠢ ᠠᠩᠬᠠᠷᠬᠤ᠂ ᠴᠠᠭ ᠢᠮᠠᠭᠲᠠ ᠠᠮᠤᠷ ᠲᠦᠪᠰᠢᠨ ᠢ ᠠᠩᠬᠠᠷᠬᠤ᠂ ᠭᠠᠵᠠᠷ ᠪᠣᠯᠭᠠᠨ ᠳᠤ ᠠᠮᠤᠷ ᠲᠦᠪᠰᠢᠨ ᠢ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠠᠷ ᠵᠤᠷᠢᠯᠭ᠎ᠠ ᠪᠤᠯᠭᠠᠵᠠᠢ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ᠂ ᠰᠤᠷᠭᠠᠭᠤᠯᠢ᠂ ᠬᠥᠳᠡᠭᠡ ᠲᠣᠰᠬᠤᠨ ᠵᠡᠷᠭᠡ ᠳᠤ ᠭᠦᠨᠵᠡᠭᠡᠶᠢᠷᠡᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠤᠯᠠᠮ  ᠪᠠᠳᠤᠳᠬᠠᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号