ᠨᠢᠬᠡ ᠨᠢ ᠭᠠᠴᠢᠭᠳᠠᠬᠤ ᠳᠤ ᠨᠡᠶᠢᠳᠡ ᠪᠠᠷ ᠢᠶᠠᠨ ᠲᠤᠰᠠᠯᠠᠪᠠ
ᠨᠡᠶᠢᠲᠡᠯᠡᠭᠰᠡᠨ ᠴᠠᠭ᠄
2023/6/14
    ᠣᠶᠢᠷ᠎ᠠ ᠳᠤ᠂  ᠴᠢᠶᠠᠨ ᠶᠢᠨ ᠭᠧᠦ ᠪᠠᠯᠭᠠᠰᠤᠨ ᠤ ᠱᠠᠩ ᠶᠢᠦ ᠲᠣᠰᠬᠤᠨ ᠤ ᠸᠢᠴᠠᠲ ᠤᠨ ᠬᠤᠯᠪᠤᠭᠠᠨ ᠲᠡᠭᠡᠷ᠎ᠡ ᠨᠢᠭᠡ ᠤᠳᠠᠭᠠᠨ ᠤ ᠬᠠᠨᠳᠢᠪ ᠡᠷᠬᠦᠬᠦ ᠠᠵᠢᠯᠯᠠᠭ᠎ᠠ ᠶᠠᠪᠤᠭᠳᠠᠵᠤ᠂  ᠡᠪᠡᠳᠴᠢᠯᠡᠵᠦ ᠭᠠᠴᠢᠭᠳᠠᠭᠰᠠᠨ ᠨᠢᠬᠡᠨ ᠳᠡᠭᠡᠨ ᠠᠮᠢᠳᠤᠷᠠᠯ ᠤᠨ ᠬᠦᠰᠡᠯ ᠡᠷᠡᠮᠡᠯᠵᠡᠯ ᠢ  ᠤᠯᠭᠤᠭᠠᠳ᠂ ᠬᠠᠷᠢᠯᠴᠠᠨ  ᠬᠠᠯᠠᠮᠵᠢᠯᠠᠵᠤ ᠬᠠᠷᠢᠯᠴᠠᠨ ᠬᠠᠪᠰᠤᠷᠤᠯᠴᠠᠬᠤ  ᠨᠠᠶᠢᠷᠰᠠᠭ ᠰᠠᠶᠢᠬᠠᠨ ᠵᠠᠩ ᠰᠤᠷᠲᠠᠯ ᠢ  ᠬᠠᠷᠠᠭᠤᠯᠤᠭᠰᠠᠨ ᠪᠠᠶᠢᠯ᠎ᠠ᠃      2023 ᠣᠨ ᠤ 6 ᠰᠠᠷ᠎ᠠ ᠶᠢᠨ 6  ᠤ ᠡᠳᠦᠷ᠂ ᠱᠠᠩ ᠶᠢᠦ ᠲᠣᠰᠬᠤᠨ ᠤ ᠲᠠᠷᠢᠶᠠᠴᠢᠨ ᠯᠢᠦᠢ ᠬᠠᠢ ᠫᠧᠩ ᠭᠡᠨᠡᠳᠲᠡ ᠭᠡᠳᠡᠰᠦᠨ ᠤ ᠲᠦᠭᠵᠢᠷᠡᠯ ᠳᠤ ᠨᠡᠷᠪᠡᠭᠳᠡᠭᠡᠳ᠂ ᠲᠤᠰ ᠡᠳᠦᠷ ᠲᠡᠭᠡᠨ ᠴᠢᠭᠤᠯᠤᠯᠲᠤ ᠬᠠᠭᠠᠯᠭ᠎ᠠ ᠳᠤ ᠬᠦᠷᠴᠦ ᠡᠮᠨᠡᠯᠭᠡ ᠳᠤ ᠤᠷᠤᠭᠰᠠᠨ ᠢᠶᠠᠨ ᠡᠪᠡᠳᠴᠢᠨ ᠤ ᠪᠠᠶᠢᠳᠠᠯ ᠨᠢ ᠬᠦᠨᠳᠦ ᠠᠴᠠ ᠪᠤᠯᠵᠤ  ᠲᠠᠷᠠᠭ᠎ᠠ ᠡᠳᠦᠷ ᠨᠢ ᠪᠡᠭᠡᠵᠢᠩ ᠬᠤᠳᠠ ᠳᠤ ᠰᠢᠯᠵᠢᠵᠡᠢ᠃  ᠲᠦᠷᠭᠡᠨ ᠡᠮᠨᠡᠯᠭᠡ ᠳᠤ ᠤᠷᠤᠭᠠᠳ ᠲᠤᠬᠠᠢ   ᠶᠢᠨ ᠡᠳᠦᠷ ᠲᠡᠭᠡᠨ 16 ᠲᠦᠮᠡ ᠭᠠᠷᠤᠢ ᠲᠥᠭᠦᠷᠢᠭ ᠵᠠᠷᠤᠭᠰᠠᠨ ᠪᠤᠯᠬᠤᠷ᠂  ᠡᠨᠡᠬᠦ ᠡᠬᠡᠯ ᠵᠢᠷ ᠤᠨ ᠲᠠᠷᠢᠶᠠᠴᠢᠨ ᠠᠶᠢᠯ ᠳᠤ ᠬᠦᠨᠳᠦ ᠳᠠᠷᠤᠭᠠᠰᠤ ᠠᠪᠴᠢᠷᠠᠭᠰᠠᠨ ᠪᠠᠶᠢᠯ᠎ᠠ᠃ ᠪᠠᠶᠢᠳᠠᠯ ᠢ ᠣᠯᠵᠤ ᠮᠡᠳᠡᠭᠰᠡᠨ ᠤ ᠲᠠᠷᠠᠭ᠎ᠠ᠂  ᠲᠣᠰᠬᠤᠨ ᠤ ᠨᠠᠮ ᠤᠨ ᠡᠭᠦᠷ ᠤᠨ ᠱᠦᠵᠢ ᠯᠢᠦ ᠳ᠋ᠦᠩ ᠰᠢᠦᠢ  ᠲᠡᠷᠡ ᠲᠠᠷᠤᠢ ᠳᠤᠨᠢ ᠦᠪᠡᠷᠳᠡᠭᠡᠨ 4000 ᠲᠥᠭᠦᠷᠢᠭ ᠭᠠᠷᠭᠠᠵᠤ ᠬᠠᠨᠳᠢᠪᠯᠠᠭᠰᠠᠨ ᠪᠦᠭᠡᠳ ᠲᠣᠰᠬᠤᠨ ᠤ ᠨᠠᠮ ᠤᠨ ᠭᠡᠰᠢᠭᠦᠨ᠂ ᠤᠯᠠᠨ ᠲᠦᠮᠡᠨ ᠢᠶᠠᠨ ᠲᠠᠶᠢᠴᠢᠯᠠᠵᠤ᠂  ᠯᠢᠦᠢ ᠬᠠᠢ ᠫᠧᠩ ᠢ ᠲᠤᠰᠠᠯᠠᠬᠤ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠬᠦᠯᠪᠡ᠃  ᠯᠢᠦ ᠱᠦᠵᠢ ᠶᠢᠨ ᠲᠠᠶᠢᠴᠢᠯᠠᠭ᠎ᠠ ᠲᠠᠭᠠᠭᠤᠯᠭ᠎ᠠ ᠲᠤᠤᠷ᠎ᠠ᠂ ᠲᠣᠰᠬᠤᠨ ᠤ ᠠᠷᠠᠳ  ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠵᠤ᠂  ᠡᠨᠡ ᠨᠢ 300 ᠲᠥᠭᠦᠷᠢᠭ᠂ ᠲᠡᠷᠡ ᠨᠢ 500 ᠲᠥᠭᠦᠷᠢᠭ᠂   ᠪᠠᠰᠠ ᠨᠢᠬᠡ ᠨᠢ 1000 ᠲᠥᠭᠦᠷᠢᠭ᠂᠂᠂᠂᠂᠂  ᠬᠡᠮᠡᠨ  ᠪᠡᠯᠡᠨ ᠵᠣᠭᠤᠰ ᠪᠤᠶᠤ ᠡᠯᠧᠺᠲᠷᠤᠨ ᠲᠤᠭᠠᠴᠠᠭᠠᠨ ᠤ ᠬᠡᠯᠪᠡᠷᠢ ᠪᠠᠷ ᠬᠠᠨᠳᠢᠪ ᠡᠷᠬᠦᠭᠡᠳ᠂ ᠬᠤᠶᠠᠷᠬᠠᠨ ᠡᠳᠦᠷ ᠲᠤ  11 ᠲᠦᠮᠡ ᠭᠠᠷᠤᠢ ᠲᠥᠭᠦᠷᠢᠭ ᠤᠨ ᠬᠠᠨᠳᠢᠪ ᠴᠤᠭᠯᠠᠭᠤᠯᠵᠤ᠂  ᠡᠪᠡᠳᠴᠢᠲᠡᠨ ᠳᠤ ᠢᠯᠡᠭᠡᠭᠰᠡᠨ ᠪᠠᠶᠢᠨ᠎ᠠ᠃  ᠡᠳᠡᠭᠡᠷ ᠬᠠᠨᠳᠢᠪ ᠤᠨ ᠮᠦᠩᠬᠦ ᠨᠢ  ᠯᠢᠦᠢ ᠬᠠᠢ ᠫᠧᠩ ᠤᠨ ᠠᠮᠢ ᠨᠠᠰᠤ ᠶᠢ ᠠᠪᠤᠷᠠᠵᠤ᠂ ᠨᠢᠭᠡᠨ ᠶᠠᠳᠠᠭᠤ ᠬᠦᠴᠢᠷᠳᠡᠯᠲᠡᠢ ᠭᠡᠷ ᠪᠦᠯᠢ ᠳᠤ ᠠᠮᠢᠳᠤᠷᠠᠯ ᠤᠨ ᠬᠦᠰᠡᠯ ᠡᠷᠡᠮᠡᠯᠵᠡᠯ ᠢ  ᠤᠯᠭᠤᠭᠠᠳ᠂  ᠱᠠᠩ ᠶᠢᠦ ᠲᠣᠰᠬᠤᠨ ᠤ ᠠᠷᠠᠳ ᠢᠷᠭᠡᠳ ᠤᠨ ︽ᠨᠢᠭᠡ ᠨᠢ ᠭᠠᠴᠢᠭᠳᠠᠪᠠᠯ ᠨᠡᠶᠢᠳᠡ ᠪᠠᠷ ᠢᠶᠠᠨ ᠲᠤᠰᠠᠯᠠᠬᠤ  ︾  ᠰᠢᠨ᠎ᠡ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠲᠠᠶᠠᠭᠠᠷ ᠲᠤ ᠬᠠᠷᠠᠭᠤᠯᠤᠯ᠎ᠠ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号